ᠨᠢᠩᠴᠧᠩ ᠰᠢᠶᠠᠨ ᠤᠯᠠᠨ ᠠᠷᠭ᠎ᠠ ᠬᠡᠮᠵᠢᠶ᠎ᠡ ᠠᠪᠴᠤ ᠪᠠᠷᠢᠯᠭ᠎ᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/2/29
 

 ᠨᠢᠭᠡ ᠳᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ 3 ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠪᠦᠬᠦ ᠰᠢᠶᠠᠨ ᠤ

ᠡᠪᠦᠯ ᠤᠨ ᠤᠯᠠᠷᠢᠯ ᠤᠨ ᠪᠠᠷᠢᠯᠭ᠎ᠠ ᠶᠢᠨ 10 ᠵᠦᠢᠯᠡᠰ ᠵᠢᠴᠢ ᠠᠵᠢᠯ ᠵᠣᠭᠰᠣᠭᠰᠠᠨ 35 ᠵᠦᠢᠯᠡᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠪᠦᠲᠦᠭᠡᠨ

ᠪᠠᠶᠢᠭᠤᠯᠤᠯᠲᠠ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠲᠡᠷᠢᠭᠦᠨ ᠴᠢᠬᠤᠯᠠ ᠬᠠᠷᠢᠭᠤᠴᠠᠯᠭ᠎ᠠ  ᠶᠢ ᠪᠠᠷᠢᠯᠭ᠎ᠠ ᠪᠠᠷᠢᠬᠤ᠂ ᠡᠵᠡᠩᠨᠡᠬᠦ ᠵᠡᠷᠭᠡ ᠠᠵᠤ

ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ

ᠪᠥᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠬᠠᠤᠯᠢ ᠪᠠᠷ

ᠲᠣᠭᠲᠠᠭᠠᠭᠰᠠᠨ ᠲᠥᠯᠥᠭᠡᠯᠡᠭᠴᠢ ᠪᠠ ᠪᠣᠳᠠᠲᠠᠢ ᠡᠵᠡᠮᠳᠡᠭᠴᠢ ᠵᠡᠷᠭᠡ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ

ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠠᠵᠢᠯᠲᠠᠨ ᠢ ᠪᠦᠷᠢᠨ ᠲᠣᠬᠢᠷᠠᠭᠤᠯᠤᠨ᠂

ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠮᠤᠷ ᠲᠦᠪᠰᠢᠨ ᠤ ᠪᠣᠯᠪᠠᠰᠤᠷᠠᠭᠤᠯᠤᠯ᠂ ᠭᠤᠷᠪᠠᠨ ᠱᠠᠲᠤᠨ ᠤ ᠠᠮᠤᠷ ᠲᠦᠪᠰᠢᠨ ᠤ ᠬᠥᠮᠦᠵᠢᠯ ᠪᠠ

ᠠᠮᠤᠷ ᠲᠦᠪᠰᠢᠨ ᠤ ᠮᠡᠷᠭᠡᠵᠢᠯ ᠤᠨ ᠦᠨᠳᠦᠰᠦᠨ ᠵᠦᠢᠯ ᠢ ᠲᠤᠰᠢᠶᠠᠬᠤ ᠳᠦᠷᠢᠮ ᠢ ᠴᠢᠩᠭᠠᠷᠠᠭᠤᠯᠪᠠ᠃

 ᠬᠤᠶᠠᠷ ᠲᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠰᠢᠶᠠᠨ ᠤ

ᠭᠤᠷᠪᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ᠂ ᠬᠤᠶᠠᠷ ᠬᠤᠭᠤᠯᠠᠢ ᠪᠠᠷ ᠰᠢᠲᠠᠭᠴᠢ ᠬᠡᠢ᠂ ᠬᠤᠶᠠᠷ ᠬᠡᠢ ᠨᠡᠮᠡᠬᠦ ᠥᠷᠲᠡᠭᠡᠨ ᠤ ᠰᠢᠲᠠᠭᠴᠢ ᠬᠡᠢ ᠶᠢᠨ ᠪᠠᠭᠠᠵᠢ

ᠵᠢᠴᠢ ᠰᠡᠯᠪᠢᠭ ᠲᠣᠨᠤᠭ ᠪᠣᠷᠣᠯᠠᠭᠤᠯᠬᠤ ᠠᠵᠤ ᠠᠬᠤᠶᠢᠯᠠᠯ ︵ᠨᠢᠭᠡᠴᠢ︶᠂ ᠢᠳᠡᠭᠡᠨ ᠤᠮᠳᠠᠭᠠᠨ ᠤ ᠠᠵᠤ ᠠᠬᠤᠶᠢᠯᠠᠯ ︵ᠰᠤᠷᠭᠠᠭᠤᠯᠢ᠂ ᠡᠮᠨᠡᠯᠭᠡ ᠶᠢᠨ ᠬᠤᠷᠢᠶ᠎ᠠ᠂

ᠨᠠᠰᠤᠲᠠᠨ ᠢ ᠠᠰᠠᠷᠠᠬᠤ ᠬᠦᠷᠢᠶᠡᠯᠡᠩ ᠤᠨ ᠢᠳᠡᠭᠡᠨ ᠤᠮᠳᠠᠭᠠᠨ ᠤ ᠭᠠᠵᠠᠷ ᠪᠠᠭᠲᠠᠨ᠎ᠠ︶᠎ ᠳᠤ ᠰᠢᠲᠠᠭᠴᠢ ᠬᠡᠢ ᠶᠢᠨ ᠠᠶᠤᠯᠭᠦᠢ ᠶᠢᠨ ᠲᠤᠰᠬᠠᠢ ᠪᠠᠶᠢᠴᠠᠭᠠᠯᠲᠠ  ᠶᠢ

ᠲᠥᠪᠯᠡᠷᠡᠭᠦᠯᠦᠨ ᠬᠢᠵᠡᠢ᠃ ᠪᠠᠶᠢᠴᠠᠭᠠᠬᠤ ᠶᠢᠨ ᠳᠠᠭᠠᠤ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠵᠠᠷᠴᠢᠮ ᠶᠣᠰᠣᠭᠠᠷ᠂ ᠬᠡᠷᠡᠭᠯᠡᠭᠴᠢᠳ ᠲᠤ ᠰᠢᠲᠠᠮᠠᠬᠠᠢ ᠬᠡᠢ ᠶᠢ

ᠠᠮᠤᠷ ᠲᠦᠪᠰᠢᠨ ᠢᠶᠠᠷ ᠵᠥᠪ ᠣᠨᠣᠪᠴᠢᠲᠠᠶ ᠬᠡᠷᠩᠯᠡᠭᠦᠯᠦᠨ᠎ᠡ᠃

 ᠭᠤᠷᠪᠠ ᠳᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠥᠪᠡᠰᠦᠪᠡᠨ

ᠪᠠᠷᠢᠭᠰᠠᠨ 35 ᠡᠷᠦᠬᠡ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ 28 ᠡᠷᠦᠬᠡ᠂ ᠥᠪᠡᠰᠦᠪᠡᠨ ᠪᠠᠷᠢᠭᠰᠠᠨ ᠪᠤᠰᠤᠳ 7 ᠡᠷᠦᠬᠡ ᠶᠢ ᠰᠣᠩᠭᠤᠨ

ᠪᠠᠶᠢᠴᠠᠭᠠᠵᠤ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠮᠡᠳᠡᠭᠡ ᠵᠠᠩᠭᠢ ᠶᠢ

ᠣᠷᠣᠭᠤᠯᠤᠭᠰᠠᠨ ᠨᠢ ᠣᠨᠣᠪᠴᠢ ᠦᠭᠡᠢ᠂ ᠠᠮᠤᠷ ᠲᠦᠪᠰᠢᠨ ᠤ ᠳᠠᠯᠳᠠ ᠭᠡᠮ ᠢ ᠮᠡᠳᠡᠭᠳᠡᠬᠦ ᠪᠢᠴᠢᠭ ᠲᠠᠷᠬᠠᠭᠠᠭᠰᠠᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂

ᠬᠠᠷᠢᠶ᠎ᠠ ᠣᠷᠣᠨ ᠤ ᠬᠢᠨ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠵᠡᠷᠭᠡ ᠳᠤ ᠠᠵᠢᠯ ᠤᠨ ᠠᠷᠭ᠎ᠠ ᠬᠡᠮᠵᠢᠶ᠎ᠡ ᠪᠠᠨ

ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠠᠬᠢᠴᠠ ᠪᠠᠨ ᠲᠦᠷᠭᠡᠳᠬᠡᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠢᠶᠠᠨ ᠪᠣᠳᠠᠲᠠᠶᠢᠵᠢᠭᠤᠯᠤᠨ

ᠨᠠᠷᠢᠯᠢᠭᠵᠢᠭᠤᠯᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠬᠢᠨᠠᠨ ᠲᠣᠭᠲᠠᠭᠠᠬᠤ ᠪᠠ ᠴᠡᠭᠴᠡᠯᠡᠨ ᠵᠠᠰᠠᠬᠤ ᠪᠤᠰᠤᠳ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ

ᠦᠨᠡᠨ ᠬᠦ ᠪᠠᠲᠤᠯᠠᠨ᠎ᠠ᠃

 ᠳᠥᠷᠪᠡ ᠳᠤ᠂ ᠬᠤᠳᠠ ᠶᠢᠨ ᠠᠶᠤᠯᠭᠦᠢ ᠡᠵᠡᠩᠨᠡᠯᠲᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ

ᠵᠡᠷᠭᠡ ᠲᠤᠰᠬᠠᠢ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠪᠡᠯᠡᠳᠬᠡᠮᠵᠢ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ

ᠲᠣᠭᠤᠷᠢᠨ ᠪᠠᠶᠢᠴᠠᠭᠠᠬᠤ ᠪᠠ ᠬᠠᠮᠠᠭᠠᠯᠠᠨ᠎ᠠ᠃ ᠢᠯᠴᠢ ᠬᠠᠩᠭᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠣᠭᠲᠠᠭᠠᠯ ᠱᠠᠭᠠᠷᠳᠠᠯᠭ᠎ᠠ ᠶᠣᠰᠣᠭᠠᠷ ᠭᠦᠢᠴᠡᠳ

ᠡᠨᠧᠷᠭᠢ ᠨᠥᠭᠡᠴᠡᠯᠡᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ᠂ ᠠᠳᠡᠯ ᠠᠴᠠ ᠠᠪᠤᠷᠠᠨ ᠵᠠᠪᠳᠤᠨ ᠵᠠᠰᠠᠬᠤ ᠡᠩᠨᠡᠭᠡ ᠶᠢ

ᠪᠠᠶᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠵᠢᠴᠢ ᠵᠠᠪᠳᠤᠨ ᠵᠠᠰᠠᠬᠤ ᠲᠣᠨᠤᠭ ᠲᠥᠬᠦᠭᠡᠷᠦᠮᠵᠢ᠂ ᠬᠠᠮᠠᠭᠠᠯᠠᠯᠲᠠ ᠶᠢᠨ ᠬᠡᠷᠡᠭᠰᠡᠯ᠂ ᠭᠠᠯ ᠤᠨᠲᠠᠷᠠᠭᠠᠬᠤ ᠪᠠᠭᠠᠵᠢ

ᠬᠡᠷᠡᠭᠰᠡᠯ ᠵᠡᠷᠭᠡ ᠶᠢ ᠲᠤᠬᠢᠷᠠᠭᠤᠯᠤᠨ᠎ᠠ᠃ ᠤᠰᠤ ᠬᠡᠷᠡᠭᠯᠡᠬᠦ ᠲᠥᠪ ᠵᠢᠴᠢ ᠪᠣᠬᠢᠷ ᠤᠰᠤ ᠰᠢᠢᠳᠪᠦᠷᠢᠯᠡᠬᠦ ᠲᠥᠪ ᠢ ᠰᠢᠮᠳᠠᠭᠤᠯᠵᠤ ᠪᠠᠶᠢᠭᠠᠳ ᠦᠢᠯᠡᠳᠪᠦᠷᠢ ᠶᠢᠨ

ᠲᠠᠰᠤᠭ᠂ ᠤᠰᠤᠨ ᠤ ᠰᠤᠷᠪᠤᠯᠵᠢ ᠶᠢᠨ ᠬᠤᠳᠳᠤᠭ᠂ ᠪᠠᠷᠢᠯᠭ᠎ᠠ ᠶᠢᠨ ᠵᠦᠢᠯ ᠪᠠ ᠡᠯ᠎ᠡ ᠤᠷᠠᠨ ᠳᠠᠷᠬ᠎ᠠ ᠶᠢᠨ ᠬᠤᠭᠤᠯᠠᠢ᠂ ᠨᠡᠭᠡᠯᠡᠭᠡᠢ᠂ ᠡᠵᠡᠮᠳᠡᠬᠦ ᠬᠡᠮᠵᠢᠭᠦᠷᠯᠢᠭ

ᠵᠡᠷᠭᠡ ᠶᠢᠨ ᠬᠥᠯᠳᠡᠬᠦ ᠠᠴᠠ ᠰᠡᠷᠭᠡᠶᠢᠯᠡᠵᠦ ᠳᠤᠯᠠᠭᠠᠯᠠᠬᠤ ᠶᠢ ᠴᠢᠩᠭᠠᠳᠬᠠᠵᠤ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ

ᠵᠢᠷᠤᠮᠵᠢᠭᠤᠯᠤᠨ᠎ᠠ᠃

 

ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ