ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ‌‍ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/29
        2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ‌‍ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠬᠤᠷᠠᠯ ᠡᠷᠬᠢᠯᠡᠪᠡ᠃ ᠬᠤᠲᠠ ᠶᠢᠨ ᠤᠳᠤᠷᠢᠳᠤᠯᠭ᠎ᠠ ᠵᠠᠩ ᠾᠧᠩ᠂ ᠹᠦ᠋ ᠱᠧᠦ ᠯᠢ᠂ ᠯᠢᠨ ᠵᠢᠩ ᠬᠤᠸᠠ ᠬᠤᠷᠠᠯ ᠳᠤ ᠣᠷᠣᠯᠴᠠᠪᠠ᠃       ᠯᠤᠸᠠᠨ ᠲᠢᠶᠠᠨ ᠮᠧᠩ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠷᠢᠶᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠲᠤᠲᠠᠢ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠡᠷᠡᠰ ᠨᠠᠶᠢᠳᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠮᠠᠯ ᠠᠵᠤ ᠠᠬᠤᠢ  ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢ ᠪᠣᠳᠠᠲᠠᠢ ᠪᠠᠷ ᠠᠳᠬᠤᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ ᠲᠥᠷᠥᠯ ᠵᠦᠢᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠳᠠᠰᠢ ᠬᠡᠯᠪᠡᠷᠢ ᠪᠠᠨ ᠬᠤᠪᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢ ᠪᠣᠳᠠᠲᠠᠢ ᠪᠠᠷ ᠠᠳᠬᠤᠵᠤ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠥᠷᠭᠡᠳᠬᠡᠨ᠂ ᠦᠢᠯᠡᠳᠬᠦᠨ ᠤ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ  ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠣᠳᠠᠲᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠾᠧ ᠮᠧᠢ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠣᠳᠠᠲᠠᠢ ᠠᠳᠬᠤᠵᠤ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠶᠢ ᠪᠠᠷᠢᠮᠲᠠᠯᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ ᠰᠢᠯᠢᠳᠡᠭᠵᠢᠭᠦᠯᠵᠦ᠂ ᠬᠢᠨᠠᠨ ᠵᠢᠯᠤᠭᠤᠳᠴᠤ ᠬᠢᠨᠠᠨ ᠰᠢᠯᠭᠠᠬᠤ ᠶᠢ ᠴᠢᠩᠳᠠᠯᠠᠵᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠴᠧᠨ ᠵᠠᠨ ᠶᠢᠩ᠂ ᠤᠯᠠᠮᠵᠢᠯᠠᠬᠤ ᠰᠤᠷᠤᠯᠴᠠᠯᠭ᠎ᠠ ᠶᠢ ᠦᠳᠲᠡᠷ ᠲᠦᠷᠭᠡᠨ ᠰᠠᠶᠢᠲᠤᠷ ᠠᠳᠬᠤᠵᠤ᠂ ︽ᠳᠥᠷᠪᠡ ᠶᠢ ᠨᠠᠶᠢᠳᠠᠪᠤᠷᠢᠵᠢᠭᠤᠯᠬᠤ ᠶᠢ ᠠᠳᠬᠤᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠦᠴᠦᠯᠡᠨ ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠩ ᠣᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠥᠬᠦ ᠬᠤᠲᠠ ᠪᠠᠷ ᠢᠶᠠᠨ ᠲᠠᠷᠢᠶᠠᠯᠠᠩ ᠮᠠᠯ ᠠᠵᠤ ᠠᠬᠤᠢ ᠶᠢ ᠬᠠᠮᠲᠤ ᠪᠠᠷ ᠠᠳᠬᠤᠵᠤ᠂ ᠬᠠᠮᠲᠤ ᠪᠠᠷ ᠪᠠᠶᠢᠭᠤᠯᠤᠨ ᠬᠦᠴᠦᠷᠬᠡᠭᠵᠢᠭᠦᠯᠬᠦ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃        ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠹᠦ᠋ ᠱᠧᠦ ᠯᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ  ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠡᠰᠢᠭᠲᠡᠨ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠨᠡᠶᠢᠲᠡᠯᠢᠭ ᠶᠠᠷᠢᠶ᠎ᠠ ᠲᠠᠯᠪᠢᠪᠠ᠃            ᠬᠤᠷᠠᠯ ᠨᠢ ᠳᠦᠷᠰᠤ ᠨᠡᠪᠲᠡᠷᠡᠭᠦᠯᠭᠡ ᠬᠡᠯᠪᠡᠷᠢ ᠪᠠᠷ ᠶᠠᠪᠤᠭᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ  ᠪᠠᠶᠢᠭᠤᠯᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ