| | ᠣᠶᠢᠷ᠎ᠠ ᠶᠢᠨ ᠡᠳᠦᠷ ᠤᠳ ᠲᠤ᠂ ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2024 ᠣᠨ ᠳᠤ ︽ᠲᠦᠭᠡᠮᠡᠯ ᠬᠠᠶᠢᠷ᠎ᠠ ᠶᠢ ᠲᠦᠮᠡᠨ | ᠡᠷᠦᠬᠡ ᠳᠤ ᠬᠦᠷᠭᠡᠬᠦ︾ ᠪᠠ ︽ᠬᠠᠬᠢᠷ ᠡᠪᠦᠯ ᠳᠤ ᠬᠠᠯᠠᠮᠵᠢᠯᠠᠯ ᠬᠦᠷᠭᠡᠬᠦ︾ ᠠᠵᠢᠯᠯᠠᠭ᠎ᠠ ᠥᠷᠨᠢᠭᠦᠯᠪᠡ᠃ | ᠤᠯᠠᠭᠠᠨ ᠵᠠᠭᠠᠯᠮᠠᠶᠢᠲᠠᠨ ᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠪᠣᠯ ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠰᠢᠰᠲ᠋ᠧᠮ ᠤᠨ ᠪᠥᠬᠦ ᠬᠦᠴᠦᠨ ᠢᠶᠠᠷ ᠢᠶᠠᠨ ᠡᠭᠦᠳᠦᠨ ᠪᠦᠲᠦᠭᠡᠭᠰᠡᠨ ᠬᠥᠮᠥᠡᠯᠢᠭ ᠠᠪᠤᠷᠠᠨ ᠲᠤᠰᠠᠯᠠᠬᠤ ᠨᠠᠷᠠᠲᠤ ᠲᠥᠷᠥᠯ ᠲᠡᠮᠳᠡᠭᠲᠦ ᠶᠢᠨ ᠲᠥᠷᠥᠯ | ᠵᠦᠢᠯ ᠮᠥᠨ᠂ ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢᠭᠡᠨᠲᠡ 18 ᠵᠢᠯ ᠳᠠᠷᠠᠭᠠᠯᠠᠨ ᠲᠣᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ | ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 14.88 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠲᠦᠭᠡᠮᠡᠯ ᠬᠠᠶᠢᠷ᠎ᠠ ᠶᠢᠨ ᠲᠣᠮᠣ ᠪᠡᠯᠡᠭ ᠤᠨ | ᠪᠣᠭᠴᠣ 1056 ᠬᠤᠪᠢ ᠬᠤᠳᠠᠯᠳᠤᠨ ᠠᠪᠴᠤ᠂ ᠪᠥᠬᠦ ᠲᠣᠭᠤᠷᠢᠭ ᠤᠨ 14 ᠰᠢᠶᠠᠩ ᠪᠠᠯᠭᠠᠰᠤ᠂ 8 ᠵᠡᠭᠡᠯᠢ ᠭᠤᠳᠤᠮᠵᠢ ᠶᠢᠨ ᠬᠦᠴᠢᠷᠳᠡᠯᠲᠡᠶ ᠬᠡᠷ ᠪᠦᠯᠢ᠂ | ᠬᠦᠴᠢᠷᠳᠡᠯᠲᠡᠶ ᠠᠵᠢᠯᠲᠠᠨ ᠠᠵᠢᠯᠴᠢᠨ ᠵᠢᠴᠢ ᠴᠢᠰᠤ ᠦᠢᠯᠡᠳᠬᠦ ᠭᠤᠤᠯ ᠡᠰ ᠤᠨ ᠬᠠᠨᠳᠢᠪᠯᠠᠭᠴᠢᠳ ᠵᠡᠷᠭᠡ ᠬᠠᠮᠲᠤᠯᠢᠭ ᠢ ᠭᠤᠤᠯᠳᠠᠯᠭ᠎ᠠ ᠲᠠᠢ ᠰᠤᠷᠪᠤᠯᠵᠢᠯᠠᠨ | ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠬᠡᠷ ᠲᠤ ᠬᠦᠷᠭᠡᠵᠦ᠂ ᠤᠯᠠᠭᠠᠨ ᠵᠠᠭᠠᠯᠮᠠᠶᠢᠲᠠᠨ ᠤ ᠬᠠᠶᠢᠷ᠎ᠠ | ᠬᠠᠯᠠᠮᠵᠢ ᠶᠢ ᠬᠦᠴᠢᠷᠳᠡᠯᠲᠡᠶ ᠣᠯᠠᠨ ᠲᠦᠮᠡᠨ ᠤ ᠭᠠᠷ ᠲᠤ ᠬᠦᠷᠭᠡᠪᠡ᠃ | ︽ᠬᠠᠬᠢᠷ ᠡᠪᠦᠯ ᠳᠤ ᠬᠠᠯᠠᠮᠵᠢᠯᠠᠯ ᠬᠦᠷᠭᠡᠬᠦ︾ ᠠᠵᠢᠯᠯᠠᠭ᠎ᠠ ᠳᠤᠮᠳᠠ᠂ ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨ᠊ᠡᠶᠢᠭᠡᠮᠯᠢᠭ ᠤᠨ ᠬᠢᠨ ᠡᠪᠦᠯᠵᠢᠬᠦ ᠳᠤ | ᠬᠦᠴᠢᠷᠳᠡᠯᠲᠡᠢ 180 ᠨᠠᠰᠤᠲᠠᠨ ᠳᠤ ᠬᠥᠨᠵᠢᠯᠡ ᠳᠡᠪᠢᠰᠬᠡᠷ ᠵᠡᠷᠭᠡ ᠠᠮᠢᠳᠤᠷᠠᠯ ᠤᠨ ᠡᠳ᠋ ᠪᠣᠳᠠᠰ ᠬᠠᠩᠭᠠᠪᠠ᠃ | |