ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 1 | ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶ᠎ᠠ 1 ᠰᠠᠷ᠎ᠠ ᠶᠢᠨ 31 ᠦᠳᠡ ᠶᠢᠨ ᠬᠤᠶᠢᠨ᠎ᠠ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠬᠤ ᠲᠤᠬᠠᠢ ᠠᠷᠪᠠᠨ ᠨᠢᠭᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | ᠰᠤᠷᠤᠯᠴᠠᠯᠭ᠎ᠠ ᠶᠢ ᠡᠷᠭᠢᠯᠡᠭᠦ ᠳᠡᠭᠡᠨ᠂ ᠡᠷᠬᠡᠪᠰᠢ ᠴᠢᠨᠠᠷ | ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ | ᠶᠣᠰᠣ ᠭᠡᠳᠡᠭ ᠢ ᠪᠠᠲᠤ ᠴᠡᠭᠡᠵᠢᠯᠡᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠬᠤ᠂ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ | ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ | ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢ ᠰᠢᠯᠭᠠᠨ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ | ᠴᠢᠬᠤᠯᠠ ᠬᠦᠴᠦᠯᠡᠬᠦ ᠴᠡᠭ ᠮᠥᠨ᠂ ᠡᠷᠬᠡᠪᠰᠢ ᠰᠢᠨ᠎ᠡ ᠶᠢ ᠡᠭᠦᠳᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠡᠨᠡ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠥᠪᠡᠷ ᠲᠡᠭᠡᠨ ᠰᠤᠷᠤᠯᠴᠠᠬᠤ ᠶᠢᠨ | ᠬᠠᠮᠲᠤ ᠠᠵᠢᠯ ᠤᠨ ᠣᠶᠢᠯᠠᠭᠠᠯᠲᠠ ᠲᠥᠷᠥᠭᠳᠡᠯ ᠢᠶᠠᠨ | ᠰᠣᠯᠢᠯᠴᠠᠵᠤ᠂ ᠮᠠ ᠰᠢᠩ ᠷᠦᠢ᠂ ᠾᠧ ᠯᠢ ᠹᠧᠩ᠂ ᠵᠠᠩ ᠭᠦᠸᠧ ᠴᠢᠩ᠂ | ᠶᠤᠸᠠᠨ ᠵᠢᠶᠠ ᠵᠢᠶᠦ᠋ᠨ ᠨᠥᠬᠦᠷ ᠬᠤᠪᠢᠳᠠᠨ ᠬᠠᠮᠢᠶᠠᠷᠴᠤ | ᠪᠠᠶᠢᠭ᠎ᠠ ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ ᠤᠨ | ᠠᠵᠢᠯ ᠲᠠᠢ ᠤᠶᠠᠯᠳᠤᠭᠤᠯᠤᠨ ᠦᠭᠡ ᠬᠡᠯᠡᠵᠦ᠂ ᠯᠢᠦ ᠭᠦᠸᠧ ᠵᠦᠩ᠂ | ᠴᠧᠨ ᠮᠢᠨ ᠡᠯ ᠨᠥᠬᠦᠷ ᠪᠢᠴᠢᠭ ᠤᠨ ᠭᠡᠯᠪᠡᠷᠢ ᠪᠠᠷ ᠦᠭᠡ | ᠬᠡᠯᠡᠵᠦ᠂ ᠤᠯᠠᠨ ᠢᠶᠠᠷ ᠢᠶᠠᠨ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ | ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ | ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ | ᠪᠦᠭᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ | ᠠᠵᠢᠯᠯᠠᠭ᠎ᠠ ᠪᠣᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠭᠦᠭ ᠠᠶᠠᠰ ᠪᠣᠯᠪᠠ᠃ ᠣᠶᠢᠷ᠎ᠠ ᠶᠢᠨ | ᠵᠢᠯ ᠠᠴᠠ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠦᠯᠡᠮᠵᠢ | ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠦᠷ᠎ᠡ ᠪᠦᠲᠦᠮᠵᠢ | ᠡᠳᠦᠷ ᠢᠷᠡᠬᠦᠶ᠎ᠡ ᠲᠣᠪᠣᠶᠢᠮ᠎ᠠ ᠪᠤᠯᠪᠠ︔ ᠬᠤᠲᠠ ᠬᠥᠳᠡᠭᠡ ᠣᠷᠣᠨ | ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ᠂ | ᠲᠡᠩᠴᠡᠭᠦᠷᠢᠲᠦ ᠴᠢᠨᠠᠷ ᠢᠯᠡᠳᠲᠡ ᠴᠢᠩᠭᠠᠷᠠᠪᠠ︔ | ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ | ᠭᠦᠨᠵᠡᠭᠡᠶᠢᠷᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ | ᠠᠮᠢᠵᠢᠷᠠᠯ ᠤᠨ ᠬᠦᠴᠦᠨ ᠬᠥᠭᠵᠢᠨ ᠪᠠᠳᠠᠷᠠᠪᠠ︔ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ | ᠭᠡᠯᠪᠡᠷᠢ ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠬᠥᠭᠵᠢᠯᠲᠡ ᠶᠢᠨ ᠭᠡᠯᠪᠡᠷᠢ ᠶᠢ | ᠬᠤᠪᠢᠷᠠᠭᠤᠯᠬᠤ ᠠᠯᠬᠤᠴᠠ ᠲᠦᠷᠭᠡᠳᠴᠦ᠂ ᠴᠢᠨᠠᠷ ᠰᠠᠶᠢᠲᠠᠢ | ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ ᠡᠭᠦᠨ ᠤ | ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ | ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ ᠪᠠᠷ | ᠣᠷᠣᠰᠢᠵᠤ ᠪᠠᠶᠢᠨ᠎ᠠ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ | ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ ᠵᠢᠯᠤᠭᠤᠳᠬᠤ | ᠴᠢᠬᠤᠯᠠᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠨᠢ ᠨᠢᠭᠡᠨᠲᠡ ᠦᠢᠯᠡᠳᠦᠯᠭᠡ ᠶᠢᠨ ᠳᠤᠮᠳᠠ | ᠪᠦᠷᠢᠯᠳᠦᠭᠰᠡᠨ ᠪᠥᠭᠡᠳ ᠴᠢᠨᠠᠷ ᠰᠠᠶᠢᠲᠠᠢ ᠬᠥᠭᠵᠢᠯᠲᠡ ᠳᠤ | ᠴᠢᠩᠭ᠎ᠠ ᠬᠦᠴᠦᠲᠡᠢ ᠠᠬᠢᠭᠤᠯᠬᠤ ᠬᠦᠴᠦᠨ᠂ ᠲᠤᠯᠭᠠᠭᠤᠷᠢᠯᠠᠬᠤ | ᠬᠦᠴᠦᠨ ᠢ ᠢᠯᠡᠷᠡᠭᠦᠯᠦᠭᠰᠡᠨ ᠪᠠᠶᠢᠨ᠎ᠠ᠂ ᠪᠢᠳᠡ ᠤᠨᠤᠯ ᠤᠨ | ᠲᠠᠯ᠎ᠠ ᠪᠠᠷ ᠳ᠋ᠦᠩᠨᠡᠨ ᠬᠤᠷᠢᠶᠠᠩᠭᠤᠶᠢᠯᠠᠵᠤ ᠰᠢᠨ᠎ᠡ | ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ | ᠬᠡᠷᠡᠭᠲᠡᠢ᠃ ᠬᠤᠷᠢᠶᠠᠩᠭᠤᠶᠢᠯᠠᠭᠠᠳ ᠬᠡᠯᠡᠪᠡᠯ᠂ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ | ᠡᠭᠦᠳᠬᠦ ᠳᠤ ᠭᠤᠣᠯᠯᠠᠬᠤ ᠦᠢᠯᠡᠳᠦᠯ ᠢ ᠦᠵᠡᠭᠦᠯᠵᠦ᠂ | ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠭᠡᠯᠪᠡᠷᠢ᠂ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ | ᠵᠠᠮ ᠠᠴᠠ ᠮᠤᠯᠲᠤᠷᠠᠵᠤ᠂ ᠳᠡᠭᠡᠳᠦ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ | ᠰᠠᠶᠢᠲᠠᠢ ᠪᠠᠶᠢᠬᠤ ᠣᠨᠴᠠᠯᠢᠭ ᠲᠠᠢ ᠪᠠᠶᠢᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ | ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠭᠡᠯᠪᠡᠷᠢ | ᠪᠠᠶᠢᠳᠠᠯ ᠪᠣᠯᠣᠨ᠎ᠠ᠃ ᠲᠡᠷᠡ ᠨᠢ ᠮᠡᠷᠭᠡᠵᠢᠯ ᠤᠨ ᠲᠠᠯ᠎ᠠ ᠪᠠᠷ | ᠬᠤᠪᠢᠰᠬᠠᠯ ᠤᠨ ᠴᠢᠨᠠᠷᠲᠠᠢ ᠰᠢᠪᠲᠤᠯᠤᠯᠲᠠ ᠭᠠᠷᠭᠠᠬᠤ᠂ | ᠦᠢᠯᠡᠳᠪᠦᠷᠢᠯᠡᠯ ᠤᠨ ᠡᠯᠧᠮᠧᠨ᠋ᠲ ᠢ ᠰᠢᠨ᠎ᠡ ᠶᠢ ᠡᠭᠦᠳᠬᠦ | ᠴᠢᠨᠠᠷᠲᠠᠢ ᠲᠣᠬᠢᠷᠠᠭᠤᠯᠬᠤ᠂ ᠠᠵᠤ ᠦᠢᠯᠡᠰ ᠢ ᠭᠦᠨ ᠭᠦᠨᠵᠡᠭᠡᠢ | ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ | ᠪᠤᠢ ᠪᠣᠯᠵᠤ᠂ ᠬᠥᠳᠡᠯᠮᠦᠷᠢᠯᠡᠭᠴᠢ᠂ ᠭᠦᠳᠡᠯᠮᠦᠷᠢ ᠶᠢᠨ | ᠮᠠᠲ᠋ᠧᠷᠢᠶᠠᠯ᠂ ᠭᠦᠳᠡᠯᠮᠦᠷᠢ ᠶᠢᠨ ᠡᠲᠡᠭᠡᠳ ᠵᠢᠴᠢ ᠡᠳᠡᠭᠡᠷ ᠢ | ᠰᠢᠯᠢᠳᠡᠭᠵᠢᠭᠦᠯᠦᠨ ᠨᠡᠶᠢᠯᠡᠭᠦᠯᠵᠦ ᠦᠰᠦᠷᠦᠯᠲᠡ | ᠭᠠᠷᠭᠠᠬᠤ ᠪᠠᠷ ᠦᠨᠳᠦᠰᠦᠨ ᠠᠭᠤᠯᠤᠭᠳᠠᠬᠤᠨ ᠢᠶᠠᠨ ᠪᠤᠯᠭᠠᠵᠤ᠂ | ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ | ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ | ᠪᠤᠯᠭᠠᠵᠤ᠂ ᠰᠢᠨ᠎ᠡ ᠶᠢ ᠡᠭᠦᠳᠬᠦ ᠪᠠᠷ ᠣᠨᠴᠠᠯᠢᠭ ᠪᠤᠯᠭᠠᠵᠤ᠂ | ᠴᠢᠨᠠᠷᠯᠢᠭ ᠪᠠᠶᠢᠬᠤ ᠪᠠᠷ ᠵᠠᠩᠭᠢᠯᠠᠭ᠎ᠠ ᠪᠤᠯᠭᠠᠵᠤ᠂ ᠮᠥᠨ | ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ | ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠨᠢ ᠰᠢᠨ᠎ᠡ ᠠᠵᠤ ᠦᠢᠯᠡᠰ᠂ ᠰᠢᠨ᠎ᠡ | ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠭᠤᠣᠯ ᠡᠯᠧᠮᠧᠨ᠋ᠲ ᠪᠣᠯᠣᠨ᠎ᠠ᠃ ᠡᠷᠬᠡᠪᠰᠢ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ | ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ | ᠲᠦᠷᠭᠡᠳᠬᠡᠨ ᠪᠡᠶᠡᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠠᠩᠬᠠᠨ ᠤ ᠡᠭᠦᠳᠦᠯᠲᠡ ᠶᠢᠨ ᠴᠢᠨᠠᠷᠲᠠᠢ᠂ | ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠥᠷᠢᠰᠦᠯᠳᠦᠭᠦᠯᠦᠨ ᠴᠣᠯᠭᠤᠷᠠᠭᠤᠯᠵᠤ᠂ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ | ᠲᠤᠬᠠᠢ ᠳᠤᠨᠢ ᠪᠣᠳᠠᠲᠠᠢ ᠠᠵᠤ ᠦᠢᠯᠡᠰ ᠪᠣᠯᠣᠨ ᠠᠵᠤ ᠦᠢᠯᠡᠰ ᠤᠨ | ᠬᠡᠯᠬᠢᠶ᠎ᠡ ᠳᠤ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ | ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ | ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ | ᠬᠡᠯᠬᠢᠶ᠎ᠡ ᠶᠢ ᠪᠠᠶᠢᠷᠢᠰᠢᠭᠤᠯᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ | ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠠᠵᠤ ᠦᠢᠯᠡᠰ ᠤᠨ ᠰᠢᠰᠲ᠋ᠧᠮ ᠤᠨ | ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠠᠮᠤᠷ ᠲᠦᠪᠰᠢᠨ | ᠨᠠᠶᠢᠳᠠᠪᠤᠷᠢᠲᠠᠢ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠬᠤ ᠪᠠ ᠦᠢᠯᠡᠳᠬᠦ ᠦᠢᠯᠡᠰ ᠤᠨ | ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ | ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ | ᠤᠯᠤᠰ ᠪᠠ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠵᠡᠷᠭᠡ ᠪᠠᠶᠢᠯᠳᠤᠬᠤ | ᠪᠣᠳᠣᠯᠭ᠎ᠠ ᠶᠢᠨ ᠡᠭᠦᠷᠭᠡ ᠲᠠᠢ ᠤᠶᠠᠯᠳᠤᠭᠤᠯᠤᠨ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ | ᠦᠢᠯᠡᠰ ᠤᠨ ᠰᠢᠨ᠎ᠡ ᠶᠢ ᠡᠭᠦᠳᠬᠦ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠲᠡᠢ᠃ | ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ | ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠳᠡᠯᠡᠬᠡᠢ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ | ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠣᠬᠢᠷᠳᠤᠯ ᠦᠭᠡᠢ ᠬᠥᠭᠵᠢᠯᠲᠡ ᠪᠣᠯ ᠴᠢᠨᠠᠷ | ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ᠂ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠣᠰ | ᠪᠡᠶ᠎ᠡ ᠨᠢ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ | ᠮᠥᠨ᠃ ᠡᠷᠬᠡᠪᠰᠢ ᠬᠥᠭᠵᠢᠯᠲᠡ ᠶᠢᠨ ᠭᠡᠯᠪᠡᠷᠢ ᠪᠠᠨ ᠪᠣᠬᠢᠷᠳᠤᠯ | ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ | ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠳᠤᠯ ᠦᠭᠡᠢ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠳᠤᠯ | ᠦᠭᠡᠢ ᠦᠢᠯᠡᠳᠬᠦ ᠦᠢᠯᠡᠰ ᠢ ᠬᠦᠴᠦᠷᠬᠡᠭᠵᠢᠭᠦᠯᠦᠨ᠂ ᠪᠣᠬᠢᠷᠳᠤᠯ | ᠦᠭᠡᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ | ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ | ᠪᠤᠵᠠᠭᠠᠶᠢᠷᠠᠭᠤᠯᠤᠨ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠠᠵᠤ ᠦᠢᠯᠡᠰ ᠪᠠ ᠬᠠᠩᠭᠠᠯᠭ᠎ᠠ ᠶᠢᠨ | ᠬᠡᠯᠬᠢᠶ᠎ᠡ ᠶᠢ ᠬᠥᠭᠵᠢᠭᠦᠯᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ | ᠰᠢᠰᠲ᠋ᠧᠮ ᠢ ᠪᠠᠶᠢᠭᠤᠯᠬᠤ ᠬᠡᠷᠡᠭᠲᠡᠢ᠃ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ | ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ | ᠬᠠᠶᠢᠷᠴᠠᠭ ᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠳᠤᠯ | ᠦᠭᠡᠢ ᠮᠥᠩᠭᠦᠨ ᠭᠦᠢᠯᠭᠡᠭᠡᠨ ᠤ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ ᠥᠨᠳᠥᠷ ᠪᠦᠲᠦᠮᠵᠢᠲᠡᠶ ᠠᠮᠢ | ᠠᠬᠤᠢ ᠶᠢᠨ ᠪᠣᠬᠢᠷᠳᠤᠯ ᠦᠭᠡᠢ ᠠᠵᠤ ᠦᠢᠯᠡᠰ ᠤᠨ ᠪᠦᠯᠦᠭᠵᠢᠯ ᠢ | ᠪᠤᠶ ᠪᠤᠯᠭᠠᠬᠤ ᠬᠡᠷᠡᠭᠲᠡᠢ᠃ ᠡᠭᠦᠨ ᠤ ᠵᠡᠷᠭᠡ ᠪᠠᠷ᠂ ᠨᠡᠶᠢᠭᠡᠮ | ᠳᠠᠶᠠᠭᠠᠷ ᠲᠤ ᠪᠣᠬᠢᠷᠳᠤᠯ ᠦᠭᠡᠢ ᠡᠷᠡᠭᠦᠯ ᠰᠠᠷᠠᠭᠤᠯ | ᠠᠮᠢᠳᠤᠷᠠᠯ ᠤᠨ ᠭᠡᠯᠪᠡᠷᠢ ᠶᠢ ᠶᠡᠭᠡ ᠪᠠᠷ ᠰᠠᠨᠠᠭᠠᠴᠢᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠢᠯᠡᠳᠪᠦᠷᠢᠯᠡᠯ ᠤᠨ ᠬᠠᠷᠢᠴᠠᠭ᠎ᠠ ᠡᠷᠬᠡᠪᠰᠢ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ | ᠱᠠᠭᠠᠷᠳᠠᠯᠭ᠎ᠠ ᠳᠤ ᠵᠣᠬᠢᠴᠠᠬᠤ ᠬᠡᠷᠡᠭᠲᠡᠢ᠃ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ | ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠲᠡᠭᠦᠨ ᠲᠠᠢ | ᠵᠣᠬᠢᠴᠠᠯᠳᠤᠭᠰᠠᠨ ᠰᠢᠨ᠎ᠡ ᠮᠠᠶ᠋ᠢᠭ ᠤᠨ ᠦᠢᠯᠡᠳᠪᠦᠷᠢᠯᠡᠯ ᠤᠨ | ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ᠃ ᠠᠵᠤ ᠠᠬᠤᠢ ᠶᠢᠨ | ᠪᠠᠶᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠮᠵᠢ ᠵᠡᠷᠭᠡ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ | ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠢ | ᠬᠦᠴᠦᠯᠡᠨ ᠨᠠᠪᠲᠠᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ | ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ | ᠦᠢᠯᠡᠳᠪᠦᠷᠢᠯᠡᠯ ᠤᠨ ᠡᠯᠧᠮᠧᠨ᠋ᠲ ᠢ ᠲᠣᠬᠢᠷᠠᠭᠤᠯᠬᠤ ᠠᠷᠭ᠎ᠠ | ᠭᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ | ᠲᠡᠷᠢᠭᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ | ᠡᠯᠧᠮᠧᠨ᠋ᠲ ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠲᠡᠶᠢᠰᠢ ᠤᠷᠤᠭᠰᠢᠲᠠᠢ ᠰᠢᠯᠵᠢᠭᠦᠯᠬᠦ | ᠬᠡᠷᠡᠭᠲᠡᠢ᠃ ᠡᠭᠦᠨ ᠤ ᠬᠠᠮᠲᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ | ᠰᠠᠶᠢᠨ ᠰᠠᠶᠢᠬᠠᠨ ᠤᠯᠠᠨ ᠤᠯᠤᠰ ᠤᠨ ᠣᠷᠴᠢᠨ ᠨᠥᠬᠦᠴᠡᠯ ᠢ | ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠴᠢᠳᠠᠪᠤᠷᠢᠲᠠᠨ ᠤ ᠰᠠᠶᠢᠨ ᠰᠠᠶᠢᠬᠠᠨ ᠡᠷᠭᠢᠯᠲᠡ ᠶᠢ | ᠰᠢᠯᠤᠭᠤᠳᠬᠠᠵᠤ᠂ ᠴᠢᠳᠠᠪᠤᠷᠢᠲᠠᠨ ᠢ ᠬᠥᠮᠥᠵᠢᠭᠦᠯᠬᠦ᠂ | ᠣᠷᠣᠭᠤᠯᠤᠨ ᠠᠪᠴᠢᠷᠠᠬᠤ᠂ ᠬᠡᠷᠡᠭᠯᠡᠬᠦ᠂ ᠵᠣᠬᠢᠰᠲᠠᠢ | ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠶᠢᠨ ᠰᠢᠨ᠎ᠡ ᠬᠠᠨᠳᠤᠰᠢ ᠶᠢ ᠦᠨᠳᠦᠰᠦᠯᠡᠨ᠂ ᠶᠡᠭᠡ | ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ | ᠪᠠᠶᠢᠷᠢᠯᠠᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ | ᠵᠠᠭᠪᠤᠷ ᠢ ᠰᠢᠯᠢᠳᠡᠭᠵᠢᠭᠦᠯᠵᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠴᠢᠮ | ᠬᠡᠷᠡᠭᠰᠡᠬᠦ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ | ᠴᠢᠬᠤᠯᠠ ᠡᠯᠧᠮᠧᠨ᠋ᠲ ᠤᠨ ᠣᠷᠣᠯᠭ᠎ᠠ ᠶᠢᠨ | ᠬᠤᠪᠢᠶᠠᠷᠢᠯᠠᠯᠲᠠ ᠳᠤ ᠣᠷᠤᠯᠴᠠᠬᠤ ᠲᠣᠭᠲᠠᠴᠠ ᠶᠢ | ᠪᠦᠷᠢᠨᠰᠢᠭᠦᠯᠵᠦ᠂ ᠭᠦᠳᠡᠯᠮᠦᠷᠢ᠂ ᠮᠡᠳᠡᠯᠭᠡ᠂ ᠮᠡᠷᠭᠡᠵᠢᠯ᠂ | ᠬᠠᠮᠢᠶᠠᠷᠤᠯᠲᠠ᠂ ᠬᠥᠷᠥᠩᠭᠡ ᠪᠣᠯᠣᠨ ᠳ᠋ᠠᠶᠢᠲ᠋ᠠ ᠵᠡᠷᠭᠡ | ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠮᠡᠳᠡᠯᠭᠡ᠂ ᠮᠡᠷᠭᠡᠵᠢᠯ᠂ | ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠷᠳᠡᠭ ᠢ ᠨᠡᠩ | ᠰᠠᠶᠢᠲᠤᠷ ᠢᠯᠡᠷᠡᠭᠦᠯᠵᠦ᠂ ᠰᠢᠨ᠎ᠡ ᠶᠢ ᠡᠭᠦᠳᠬᠦ ᠶᠢ | ᠵᠣᠷᠢᠭᠵᠢᠭᠤᠯᠬᠤ᠂ ᠢᠯᠠᠭᠳᠠᠬᠤ ᠶᠢ ᠪᠠᠭᠲᠠᠭᠠᠨ ᠠᠭᠤᠴᠢᠯᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | |