ᠠᠣᠬᠠᠨ ᠬᠤᠰᠢᠭᠤᠨ ᠤ ᠨᠠᠷᠢᠮᠤ ᠶᠢᠨ ᠲᠠᠷᠢᠬᠤ ᠳᠤ ᠳᠦᠭᠦᠮ᠂ ᠥᠪᠡᠷ ᠤᠨ ᠦᠷᠲᠡᠭ ᠪᠠᠭ᠎ᠠ᠂ ᠦᠷ᠎ᠡ ᠠᠰᠢᠭ ᠦᠨᠳᠦᠷ ᠳᠠᠷᠢᠵᠤ ᠪᠤᠶᠢᠵᠢᠭᠤᠯᠬᠤ ᠶᠡᠷᠦᠩᠬᠡᠶᠢᠯᠡᠭᠰᠡᠨ ᠢᠵᠢ ᠪᠥᠷᠢᠳᠦᠭᠦᠯᠬᠦ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠭᠤᠤᠯ ᠮᠡᠷᠭᠡᠵᠢᠯ ᠤᠨ ᠨᠡᠷᠡᠰ ᠲᠤ ᠰᠤᠩᠭᠤᠭᠳᠠᠪᠠ
ᠨᠡᠶᠢᠲᠡᠯᠡᠭᠰᠡᠨ ᠴᠠᠭ᠄
2024/3/1
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠥᠷᠨᠢᠭᠦᠯᠦᠭᠰᠡᠨ 2024 ᠣᠨ ᠤ ᠲᠠᠷᠢᠶᠠᠯᠠᠩ ᠤᠨ ᠭᠤᠤᠯᠯᠠᠬᠤ ᠡᠭᠦᠯᠳᠡᠷ ᠤᠨ ᠭᠤᠤᠯ ᠮᠡᠷᠭᠡᠵᠢᠯ ᠢ ᠰᠣᠩᠭᠤᠨ ᠲᠠᠨᠢᠯᠴᠠᠭᠤᠯᠬᠤ ᠠᠵᠢᠯ ᠤᠨ ᠳᠤᠮᠳᠠ᠂ ᠠᠣᠬᠠᠨ ᠬᠤᠰᠢᠭᠤᠨ ᠤ ᠨᠠᠷᠢᠮᠤ ᠶᠢᠨ ᠲᠠᠷᠢᠬᠤ ᠳᠤ ᠳᠦᠭᠦᠮ᠂ ᠥᠪᠡᠷ ᠤᠨ ᠦᠷᠲᠡᠭ ᠪᠠᠭ᠎ᠠ᠂ ᠦᠷ᠎ᠡ ᠠᠰᠢᠭ ᠦᠨᠳᠦᠷ ᠳᠠᠷᠢᠵᠤ ᠪᠤᠶᠢᠵᠢᠭᠤᠯᠬᠤ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠨᠢ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠵᠦ᠂ 2024 ᠣᠨ ᠤ ᠥᠪᠡᠷᠲᠡᠭᠡᠨ ᠵᠠᠰᠠᠬᠤ ᠣᠷᠣᠨ ᠤ ᠭᠤᠤᠯ ᠮᠡᠷᠭᠡᠵᠢᠯ ᠢᠶᠠᠷ ᠵᠢᠭᠰᠠᠭᠠᠭᠳᠠᠪᠠ᠃  ᠠᠤᠬᠠᠨ ᠬᠤᠰᠢᠭᠤ ᠪᠣᠯ ᠬᠠᠭᠤᠷᠠᠶ ᠪᠠᠷ ᠳᠠᠷᠢᠵᠤ ᠪᠣᠷᠣᠭᠠᠨ ᠢᠶᠠᠷ ᠠᠷᠠᠴᠢᠯᠠᠬᠤ ᠨᠡᠶᠢᠲᠡᠯᠢᠭ ᠲᠠᠷᠢᠶᠠᠯᠠᠩ ᠤᠨ ᠣᠷᠣᠨ ᠪᠠᠶᠢᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠴᠢᠨᠠᠷ ᠰᠠᠶᠢᠲᠠᠢ ᠨᠠᠷᠢᠮᠤ ᠶᠢᠨ ᠥᠰᠥᠯᠲᠡ ᠳᠤ ᠬᠠᠮᠤᠭ ᠤᠨ ᠲᠣᠬᠢᠷᠠᠮᠵᠢᠲᠠᠶ ᠥᠷᠭᠡᠷᠢᠭ ᠤᠨ ᠪᠦᠰᠡ ᠪᠠᠶᠢᠵᠤ᠂ ︽ᠳᠡᠯᠡᠬᠡᠶ ᠶᠢᠨ ᠨᠠᠷᠢᠮᠤ ᠶᠢᠨ ᠨᠤᠲᠤᠭ ︾ ᠭᠡᠵᠦ ᠠᠯᠳᠠᠷᠰᠢᠵᠠᠢ᠃ ᠣᠶᠢᠷ᠎ᠠ ᠶᠢᠨ ᠵᠢᠯ ᠳᠤ᠂ ᠠᠤᠬᠠᠨ ᠬᠤᠰᠢᠭᠤ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠨᠠᠷᠢᠮᠤ ᠶᠢᠨ ᠤᠨᠴᠠᠯᠢᠭᠳᠤ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠪᠦᠬᠦ ᠲᠠᠯ᠎ᠠ ᠪᠠᠷ ᠪᠣᠬᠢᠷᠲᠤᠯ ᠦᠭᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠲᠠᠷᠢᠵᠤ ᠪᠤᠶᠢᠵᠢᠭᠤᠯᠬᠤ ᠮᠡᠷᠭᠡᠵᠢᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠠᠷᠢᠮᠤ ᠶᠢᠨ ᠲᠠᠷᠢᠬᠤ ᠳᠤ ᠳᠦᠭᠦᠮ᠂ ᠥᠪᠡᠷ ᠤᠨ ᠦᠷᠲᠡᠭ ᠪᠠᠭ᠎ᠠ᠂ ᠦᠷ᠎ᠡ ᠠᠰᠢᠭ ᠦᠨᠳᠦᠷ ᠪᠤᠶᠢᠵᠢᠭᠤᠯᠬᠤ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠢ ᠳ᠋ᠦᠩᠨᠡᠨ ᠭᠠᠷᠭᠠᠵᠤ᠂ ᠨᠠᠷᠢᠮᠤ ᠶᠢᠨ ᠲᠠᠷᠢᠬᠤ ᠶᠠᠪᠤᠴᠠ ᠶᠢ ᠲᠦᠭᠦᠮᠴᠢᠯᠡᠵᠦ᠂ ᠨᠠᠷᠢᠮᠤ ᠶᠢᠨ ᠡᠪᠡᠰᠦ ᠡᠰᠡᠷᠭᠦᠴᠡᠬᠦ ᠲᠦᠷᠦᠯ ᠵᠦᠢᠯ ᠢ ᠰᠢᠯᠢᠳᠡᠭᠵᠢᠭᠦᠯᠬᠦ᠂ ᠨᠠᠷᠢᠮᠤ ᠶᠢ ᠬᠠᠳᠤᠵᠤ ᠬᠤᠷᠢᠶᠠᠬᠤ ᠪᠦᠬᠦ ᠶᠠᠪᠤᠴᠠ ᠶᠢ ᠮᠧᠬᠠᠨᠢᠭᠵᠢᠭᠤᠯᠤᠨ ᠠᠵᠢᠯᠯᠠᠭᠤᠯᠬᠤ ᠶᠢᠨ ᠬᠠᠮᠲᠤ ᠤᠰᠤ ᠪᠤᠷᠳᠤᠭᠤᠷ ᠢ ᠨᠢᠭᠡ ᠴᠤᠭᠴᠠᠵᠢᠭᠤᠯᠤᠨ ᠨᠠᠷᠢᠯᠢᠭ ᠣᠨᠣᠴᠠᠲᠠᠢ ᠪᠠᠷ ᠲᠤᠬᠢᠷᠠᠭᠤᠯᠤᠨ ᠡᠵᠡᠮᠳᠡᠬᠦ ᠮᠡᠷᠭᠡᠵᠢᠯ᠂ ᠪᠣᠬᠢᠷᠲᠤᠯ ᠦᠭᠡᠢ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠮᠡᠷᠭᠡᠵᠢᠯ᠂ ᠦᠯᠡᠳᠡᠭᠳᠡᠯ ᠪᠦᠷᠬᠦᠪᠴᠢ ᠶᠢ ᠮᠠᠰᠢᠨ ᠢᠶᠠᠷ ᠠᠷᠢᠯᠭᠠᠬᠤ ᠵᠡᠷᠭᠡ ᠠᠵᠢᠯ ᠢ ᠢᠵᠢ ᠪᠦᠷᠢᠳᠦᠭᠦᠯᠵᠦ᠂ ᠨᠠᠷᠢᠮᠤ ᠶᠢ ᠶᠡᠭᠡ  ᠪᠠᠷ ᠬᠡᠪᠴᠢᠶᠡᠵᠢᠭᠦᠯᠦᠨ ᠲᠠᠷᠢᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠠᠤᠬᠠᠨ ᠬᠤᠰᠢᠭᠤᠨ ᠤ ᠨᠠᠷᠢᠮᠤ ᠳᠠᠷᠢᠬᠤ ᠲᠠᠯᠠᠪᠠᠶ ᠨᠢᠭᠡᠨᠲᠡ 100 ᠲᠦᠮᠡᠨ ᠮᠥ ᠶᠢ ᠳᠠᠪᠠᠵᠤ᠂ ᠵᠠᠭᠤᠨ ᠮᠥ᠂ ᠮᠢᠩᠭᠠᠨ ᠮᠥ ᠳᠠᠷᠢᠬᠤ ᠲᠣᠮᠣ ᠡᠷᠦᠬᠡ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠲᠠᠷᠢᠶᠠᠯᠠᠩ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠣᠯᠠᠨ ᠭᠠᠷᠴᠤ ᠪᠠᠶᠢᠨ᠎ᠠ᠃  ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠠ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠬᠡᠷᠡᠭᠴᠡᠭᠡ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠳᠤ ᠲᠦᠰᠢᠭᠯᠡᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢᠶᠠᠨ ᠦᠷᠭᠦᠯᠵᠢᠯᠡᠨ ᠲᠠᠨᠢᠯᠴᠠᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ