ᠬᠤᠲᠠ ᠶᠢᠨ ᠵᠠᠰᠠᠭ ᠤᠨ ᠣᠷᠳᠣᠨ 2024 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/11
 3 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ 2024 ᠣᠨ ᠤ ᠬᠤᠶᠠᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠤᠯᠠᠭᠠᠨᠬᠠᠳᠠ ᠬᠤᠲᠠ ᠶᠢᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠤᠳ︾ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠳ᠋ᠦ᠋ᠭᠡᠷ ᠬᠡᠪᠯᠡᠯ︶︾ ︽ᠤᠯᠠᠭᠠᠨᠬᠠᠳᠠ ᠬᠤᠲᠠ  ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠳᠣᠷᠣᠭᠰᠢ ᠪᠠᠭᠤᠯᠭᠠᠭᠰᠠᠨ ᠭᠠᠷᠴᠠᠭ ᠢ ᠬᠦᠴᠦᠨ ᠦᠭᠡᠢ ᠪᠣᠯᠭᠠᠬᠤ︾ ︽ᠰᠢᠶᠣᠣ ᠰᠢᠨ ᠲᠤᠰᠬᠠᠢ ᠣᠷᠣᠨ ᠤ ᠪᠦᠯᠬᠦᠮ ᠪᠠᠶᠢᠭᠤᠯᠵᠤ ᠬᠤᠲᠠ ᠲᠣᠭᠤᠷᠢᠭ ᠢ ᠬᠠᠮᠲᠤ ᠪᠠᠷ ᠪᠠᠶᠢᠭᠤᠯᠬᠤ ᠠᠵᠢᠯ ᠤᠨ ᠲᠥᠰᠥᠯ︾ ︽ᠤᠯᠠᠭᠠᠨᠬᠠᠳᠠ ᠬᠤᠲᠠ ᠶᠢᠨ ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠯᠲᠠ ᠣᠷᠭᠢᠯ ᠬᠡᠮᠵᠢᠭᠳᠡᠯ ᠳᠤ ᠬᠦᠷᠬᠦ ᠬᠦᠷᠢᠶᠡᠯᠡᠩ ᠲᠣᠭᠤᠷᠢᠭ ᠤᠨ ᠥᠨᠳᠥᠷ ᠬᠠᠷᠢᠴᠠᠯᠳᠤ ᠪᠣᠬᠢᠷᠳᠤᠯ ᠦᠭᠡᠢ ᠴᠠᠬᠢᠯᠭᠠᠨ ᠤ ᠬᠡᠷᠡᠭᠯᠡᠭᠡᠨ ᠤ ᠲᠤᠷᠰᠢᠯᠲᠠ ᠶᠢᠨ ᠢᠨᠵᠧᠨᠧᠷᠢᠩ ᠤᠨ ᠬᠠᠮᠲᠤᠷᠠᠯᠴᠠᠭᠠᠨ ᠤ ᠪᠣᠷᠣ ᠲᠥᠯᠥᠪ  ᠤᠨ ᠵᠥᠪᠯᠡᠯᠴᠡᠭᠡᠷ︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ︽ᠤᠯᠠᠭᠠᠨᠬᠠᠳᠠ ᠬᠤᠲᠠ ᠶᠢᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠤᠨ ᠬᠡᠰᠡᠭ ᠵᠤᠷᠪᠤᠰ ᠲᠤ ᠵᠠᠰᠠᠪᠤᠷᠢ ᠣᠷᠣᠭᠤᠯᠬᠤ ᠶᠢ ᠰᠤᠳᠤᠯᠪᠠ᠃ ᠪᠥᠬᠦ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ᠂ ︽ᠤᠯᠠᠭᠠᠨᠬᠠᠳᠠ ᠬᠤᠲᠠ ᠶᠢᠨ ᠡᠯᠡᠰᠦᠷᠬᠡᠭᠵᠢᠬᠦ ᠶᠢ ᠰᠡᠷᠭᠡᠶᠢᠯᠡᠵᠦ  ᠴᠦᠯᠡᠷᠬᠡᠭᠵᠢᠬᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠬᠡᠷᠡᠯ ᠴᠡᠨᠡᠭ ᠤᠨ ᠡᠨᠧᠷᠭᠢ  ᠶᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ ︵2024 ︱ 2030 ᠣᠨ︶︾ ︽2024 ᠣᠨ ᠤ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠵᠢᠴᠢ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠪᠦᠬᠦ ᠬᠤᠳᠠ ᠶᠢᠨ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠪᠠᠷᠢᠯᠭ᠎ᠠ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠬᠠᠮᠤᠭ ᠤᠨ ᠴᠢᠩᠭ᠎ᠠ︾ ᠶᠢᠨ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠬᠦᠴᠦᠲᠡᠢ ᠴᠣᠬᠢᠯᠲᠠ ᠥᠭᠴᠦ᠂ ᠣᠯᠠᠨ ᠲᠦᠮᠡᠨ ᠤ ᠢᠳᠡᠭᠡᠨ ᠤ ᠴᠢᠨᠠᠷ ᠴᠢᠨᠰᠠᠭ᠎ᠠ ᠪᠠ ᠡᠮ ᠤᠨ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠡᠯᠡᠰᠦᠷᠬᠡᠭᠵᠢᠬᠦ ᠶᠢ ᠰᠡᠷᠭᠡᠶᠢᠯᠡᠵᠦ  ᠴᠦᠯᠡᠷᠬᠡᠭᠵᠢᠬᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠬᠡᠷᠡᠯ ᠴᠡᠨᠡᠭ ᠤᠨ ᠡᠨᠧᠷᠭᠢ  ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠡᠭᠦᠷᠭᠡ ᠪᠠᠨ ᠲᠣᠳᠣᠷᠬᠠᠶᠢᠯᠠᠨ᠂ ᠪᠡᠯᠡᠳᠬᠡᠯ ᠢᠶᠠᠨ ᠭᠦᠢᠴᠡᠳ ᠬᠢᠵᠦ᠂ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠬᠦ ᠶᠢ  ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ ᠡᠮᠦᠨ᠎ᠡ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢ ᠲᠥᠪᠯᠡᠷᠡᠭᠦᠯᠦᠨ ᠰᠤᠷᠤᠯᠴᠠᠵᠠᠶ᠃    ᠬᠤᠲᠠ ᠶᠢᠨ ᠳᠡᠳ᠋ ᠳᠠᠷᠤᠭ᠎ᠠ ᠵᠠᠩ ᠵᠢᠢ ᠺᠠᠩ᠂ ᠰᠦᠨ ᠬᠠᠢ ᠲᠤᠸ᠂ ᠯᠢ ᠵᠢᠩ ᠵᠢᠩ᠂ ᠶᠠᠩ ᠮᠦ᠂ ᠵᠣᠣ ᡁᠢ ᠭᠠᠩ᠂ ᠹᠦ᠋ ᠱᠧᠦ ᠯᠢ᠂ ᠵᠠᠩ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠰᠢᠦᠢ ᠯᠢ ᠵᠢᠶᠦ᠋ᠨ ᠬᠤᠷᠠᠯ ᠳᠤ  ᠣᠷᠤᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ