ᠸᠠᠨ ᠴᠤᠤ ᠴᠢ ᠪᠦᠬᠦ ᠬᠤᠳᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠠᠷᠢᠯᠴᠠᠬᠤ ᠬᠤᠷᠠᠯ ᠢ ᠡᠷᠬᠢᠯᠡᠨ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
       3 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠸ ᠴᠢ ᠪᠥᠬᠦ ᠬᠤᠲᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ᠂ ᠬᠤᠲᠠ  ᠶᠢᠨ ᠤᠳᠤᠷᠢᠳᠤᠯᠭ᠎ᠠ ᠴᠧᠨ ᠵᠠᠨ ᠢᠩ᠂ ᠴᠢᠶᠣᠤ ᠢᠦᠢ ᡂᠢ᠂ ᠲᠢᠶᠠᠨ ᠴᠧᠨ ᠭᠤᠸᠠᠩ᠂ ᠬᠤᠤ ᠬᠤᠢ ᠮᠢᠩ᠂ ᠵᠣᠣ ᡁᠢ ᠭᠠᠩ᠂ ᠵᠠᠩ ᠭᠦᠸᠧ ᠬᠤᠸᠠ ᠬᠤᠷᠠᠯ ᠳᠤ ᠣᠷᠣᠯᠴᠠᠵᠤ ᠰᠠᠨᠠᠯ ᠢᠶᠠᠨ ᠢᠯᠡᠳᠬᠡᠪᠡ᠃   ᠬᠤᠷᠠᠯ ᠳᠡᠭᠡᠷ᠎ᠡ᠂ ᠬᠤᠳᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠬᠤᠳᠠ ᠶᠢᠨ ᠬᠠᠷᠢᠶ᠎ᠠ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ 2023 ᠣᠨ ᠤ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠣᠯᠣᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠥᠯᠥᠪᠯᠡᠭᠡ ᠶᠢ ᠬᠠᠷᠢᠭᠤ ᠮᠡᠳᠡᠭᠦᠯᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ᠂ ᠹᠦ᠋ ᠯᠦᠩ ᠪᠦᠯᠦᠭᠯᠡᠯ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ᠂ ᠫᠢᠩ   ᠲᠧᠦ ᠺᠣᠮᠫᠠᠨᠢ᠂ ᠸᠧᠨ ᠯᠢᠦᠢ ᠪᠦᠯᠦᠭᠯᠡᠯ᠂  ᠨᠦᠩ ᠲᠧᠦ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠲᠣᠰ ᠲᠣᠰ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠦᠪᠵᠢᠭᠦᠯᠭᠡ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠸᠠᠨ ᠴᠤᠤ ᠴᠢ᠂ 2023 ᠣᠨ ᠳᠤ ᠬᠤᠳᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠯᠲᠡ ᠬᠠᠮᠢᠶᠠᠷᠤᠯᠲᠠ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠣᠨᠴᠠᠭᠠᠶᠢᠯᠠᠨ ᠠᠵᠤ ᠠᠬᠤᠢ ᠶᠢᠨ ᠦᠷ᠎ᠡ ᠠᠰᠢᠭ ᠤᠨ ᠲᠠᠯ᠎ᠠ ᠪᠠᠷ ᠪᠦᠬᠦ ᠲᠠᠯ᠎ᠠ ᠶᠢᠨ ᠠᠰᠢᠭ ᠣᠯᠵᠠᠪᠤᠷᠢ ᠶᠢ ᠪᠡᠶᠡᠯᠡᠭᠦᠯᠦᠭᠰᠡᠨ ᠦᠷ᠎ᠡ ᠪᠦᠲᠦᠮᠵᠢ ᠶᠢ ᠨᠤᠲᠠᠯᠠᠭᠤᠰᠢᠲᠠᠢ ᠶᠤᠮ᠃ ᠡᠭᠦᠨ ᠤ ᠬᠠᠮᠲᠤ ᠪᠠᠰᠠ ᠣᠷᠣᠰᠢᠵᠤ ᠪᠠᠶᠢᠭ᠎ᠠ ᠠᠰᠠᠭᠤᠳᠠᠯ ᠢ ᠰᠡᠷᠭᠡᠭ ᠢᠶᠠᠷ  ᠮᠡᠳᠡᠷᠡᠵᠦ ᠣᠯᠬᠤ ᠬᠡᠷᠡᠭᠲᠡᠢ᠂ ᠡᠷᠬᠡᠪᠰᠢ ᠤᠯᠠᠮ ᠨᠢᠭᠡ ᠠᠯᠬᠤᠮ ᠥᠭᠡᠷᠡᠴᠢᠯᠡᠯᠲᠡ ᠰᠢᠪᠲᠤᠯᠤᠯᠲᠠ ᠬᠢᠵᠦ᠂ ᠰᠢᠨ᠎ᠡ ᠶᠢ ᠡᠭᠦᠳᠴᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠪᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ  ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠯᠳᠠᠬᠤᠶ᠎ᠠ ᠪᠡᠷᠬᠡ ᠠᠵᠠ ᠲᠣᠬᠢᠶᠠᠯ ᠢ ᠠᠮᠵᠢᠨ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠦᠷᠭᠡᠨ ᠬᠥᠭᠵᠢᠯᠲᠡ ᠶᠡᠭᠡ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠶᠠᠰᠤ ᠴᠢᠨᠠᠷ ᠦᠷ᠎ᠡ ᠠᠰᠢᠭ ᠤᠨ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠳᠤ ᠰᠠᠭᠤᠷᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠭᠤᠣᠯ ᠠᠵᠢᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠶᠠᠰᠤ ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠵᠠᠬ᠎ᠠ ᠳᠡᠯᠭᠡᠭᠦᠷᠴᠢᠯᠡᠬᠦ᠂ ᠪᠣᠳᠠᠲᠤ ᠴᠣᠭᠴᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠮᠠᠨ ᠤ ᠬᠤᠲᠠ ᠶᠢᠨ ᠭᠤᠣᠯᠯᠠᠬᠤ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ ᠣᠷᠣᠯᠴᠠᠵᠤ᠂ ᠤᠯᠤᠰ ᠤᠨ ᠦᠮᠴᠢᠯᠡᠯᠲᠦ ᠬᠥᠷᠥᠩᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ︽ᠰᠠᠭᠤᠷᠢ ᠴᠢᠯᠠᠭᠤ︾ ︽ᠠᠬᠢᠭᠤᠯᠤᠭᠴᠢ︾ ᠪᠣᠯᠬᠤ ᠬᠡᠷᠡᠭᠲᠡᠢ᠃ ᠰᠢᠨ᠎ᠡ ᠶᠢ ᠡᠭᠦᠳᠬᠦ ᠶᠢ ᠴᠢᠩᠭᠠᠳᠬᠠᠵᠤ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠶᠢᠯᠠᠯ ᠤᠨ ᠤᠳᠤᠷᠢᠳᠤᠯᠭ᠎ᠠ ᠨᠢ ᠪᠠᠶᠢᠭᠤᠯᠭ᠎ᠠ ᠠᠴᠠ ᠠᠵᠤ ᠠᠬᠤᠶᠢᠯᠠᠯ  ᠳᠤ ᠣᠴᠢᠭᠰᠠᠨ ᠬᠤᠪᠢᠷᠠᠯᠲᠠ ᠳᠤ ᠵᠣᠬᠢᠴᠠᠵᠤ᠂ ᠰᠢᠨ᠎ᠡ ᠮᠡᠳᠡᠯᠭᠡ᠂ ᠰᠢᠨ᠎ᠡ ᠲᠦᠷᠦ ᠶᠢᠨ ᠪᠣᠳᠣᠯᠭ᠎ᠠ᠂ ᠰᠠᠶᠢᠨ ᠠᠷᠭ᠎ᠠ ᠮᠠᠶ᠋ᠢᠭ ᠲᠤᠷᠰᠢᠯᠭ᠎ᠠ ᠶᠢ ᠰᠤᠷᠤᠯᠴᠠᠵᠤ᠂ ᠤᠤᠯ ᠤᠨ ᠡᠵᠡᠩᠨᠡᠯᠲᠡ ᠶᠢᠨ ᠵᠠᠭᠪᠤᠷ ᠤᠨ ᠬᠦᠯᠢᠶᠡᠰᠦᠯᠡᠯ ᠠᠴᠠ ᠰᠠᠯᠵᠤ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠠᠯᠤᠰ ᠤᠨ ᠬᠠᠷᠠᠴᠠ ᠪᠠᠨ ᠬᠥᠮᠥᠵᠢᠭᠦᠯᠵᠦ᠂ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠣᠶᠢᠯᠠᠭᠠᠭᠳᠠᠬᠤᠨ ᠢ ᠬᠡᠷᠡᠭᠯᠡᠨ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠦ᠂ ᠰᠢᠨ᠎ᠡ ᠵᠠᠬ᠎ᠠ ᠳᠡᠯᠭᠡᠭᠦᠷ ᠢ ᠥᠷᠭᠡᠳᠬᠡᠵᠦ᠂ ᠠᠵᠤ ᠠᠬᠤᠶᠢᠯᠠᠯ ᠢ ᠳᠠᠭᠠᠭᠤᠯᠤᠨ ᠰᠢᠨ᠎ᠡ ᠵᠠᠮ ᠢ ᠨᠡᠭᠡᠭᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠳᠤᠷᠢᠳᠬᠤ ᠪᠠᠭ ᠤᠨ ᠲᠠᠶᠢᠴᠢᠨ ᠬᠦᠴᠦᠨ᠂ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠶᠢᠭᠤᠯᠤᠯᠲᠠ ᠶᠢ ᠴᠢᠩᠭ᠎ᠠ ᠠᠳᠬᠤᠵᠤ᠂ ᠬᠤᠶᠠᠳᠤᠭᠠᠷ ᠭᠤᠷᠪᠠᠳᠤᠭᠠᠷ ᠳᠡᠰ ᠤᠨ ᠺᠣᠮᠫᠠᠨᠢ ᠶᠢ ᠰᠠᠶᠢᠲᠤᠷ ᠬᠠᠮᠢᠶᠠᠷᠴᠤ᠂ ᠳᠣᠲᠣᠭᠠᠳᠤ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ  ᠶᠢ ᠰᠠᠶᠢᠲᠤᠷ ᠬᠡᠷᠡᠭᠯᠡᠨ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠴᠢᠩᠭᠠᠳᠬᠠᠵᠤ᠂ ᠰᠢᠯᠢᠳᠡᠭ ᠴᠡᠷᠢᠭ ᠬᠦᠴᠦᠷᠬᠡᠭ ᠵᠠᠩᠵᠤᠨ ᠢ ᠳᠠᠭᠠᠭᠤᠯᠤᠨ ᠭᠠᠷᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠨᠡᠷ᠎ᠡ ᠶᠢᠨ ᠬᠠᠭᠤᠳᠠᠰᠤ ᠶᠢ ᠭᠢᠯᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ  ᠤᠨ ᠬᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠨᠡᠩ ᠰᠢᠯᠢᠳᠡᠭ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠦᠮᠴᠢᠯᠡᠯᠲᠦ ᠠᠵᠤ ᠠᠬᠤᠶᠢᠯᠠᠯ ᠤᠨ ᠥᠷᠢᠰᠦᠯᠳᠦᠨ ᠬᠥᠭᠵᠢᠬᠦ ᠶᠢ ᠠᠬᠢᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠤᠸᠠᠨ ᠲᠢᠶᠠᠨ ᠮᠧᠩ᠂ ᠬᠤᠳᠠ ᠶᠢᠨ ᠬᠠᠷᠢᠶᠠᠨ ᠳᠠᠬᠢ ᠤᠯᠤᠰ ᠤᠨ ᠦᠮᠴᠢᠯᠡᠯᠲᠦ ᠠᠵᠤ ᠠᠬᠤᠶᠢᠯᠠᠯ ᠨᠢ ᠵᠠᠬ᠎ᠠ ᠳᠡᠯᠭᠡᠭᠦᠷᠴᠢᠯᠡᠯᠲᠡ᠂ ᠣᠳᠣᠬᠢᠴᠢᠯᠠᠯᠲᠠ ᠶᠢᠨ ᠬᠠᠨᠳᠤᠰᠢ ᠳᠤ ᠵᠣᠬᠢᠴᠠᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠦᠷᠢᠨᠰᠢᠭᠦᠯᠵᠦ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠢᠳᠡᠪᠬᠢᠲᠡᠢ ᠣᠷᠣᠯᠴᠠᠵᠤ᠂ ᠠᠰᠢᠭ ᠣᠯᠵᠠᠪᠤᠷᠢ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠦᠨᠡᠨ ᠪᠣᠳᠠᠲᠠᠢ ᠡᠵᠡᠩᠨᠡᠯᠲᠡ ᠶᠢᠨ ᠦᠷ᠎ᠡ ᠪᠦᠲᠦᠮᠵᠢ ᠪᠠᠷ ᠪᠦᠬᠦ ᠬᠤᠳᠠ ᠶᠢᠨ ᠠᠷᠠᠳ ᠲᠦᠮᠡᠨ ᠳᠤ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ  ᠴᠢᠬᠤᠯᠠᠴᠢᠯᠠᠪᠠ᠃    ᠬᠤᠳᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠷᠢᠭᠤᠴᠠᠯᠭᠠᠲᠠᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ᠂ ᠬᠤᠳᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ