ᠸᠠᠨ ᠴᠤᠤ ᠴᠢ ᠮᠠᠨ ᠤ ᠬᠤᠳᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/3/13
     3 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠰᠦᠩᠱᠠᠨ ᠲᠣᠭᠤᠷᠢᠭ᠂ ᠬᠤᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ ᠲᠤ ᠬᠦᠷᠴᠦ ᠮᠠᠨ ᠤ ᠬᠤᠳᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ  ᠪᠠᠨ ᠬᠤᠪᠢᠷᠠᠭᠤᠯᠤᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ  ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠴᠢᠩᠭᠠᠳᠬᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠮᠧᠩ ᠰᠢᠶᠣᠣ ᠪᠢᠩ᠂ ᠲᠢᠶᠠᠨ ᠴᠧᠨ ᠭᠤᠸᠠᠩ᠂ ᠵᠠᠩ ᠵᠢᠢ ᠺᠠᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃    ᠸᠠᠨ ᠴᠤᠤ ᠴᠢ ᠨᠠᠷ ᠤᠷᠢᠳ ᠬᠤᠵᠢᠳ ᠰᠦᠩᠱᠠᠨ ᠲᠣᠭᠤᠷᠢᠭ ᠤᠨ ᠮᠡᠳᠡᠭᠡ ᠵᠠᠩᠭᠢ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠥᠪᠥᠷ ᠮᠣᠩᠭᠤᠯ ᠤᠨ ᠬᠤᠩ ᠶᠧ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠺᠦᠨ ᠮᠧᠩ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠸᠠᠩ ᠶᠣᠣ ᠰᠢᠨᠵᠢᠯᠡᠬᠦ ᠤᠬᠠᠭᠠᠨ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠹᠧᠩ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩᠱᠠᠨ ᠲᠣᠭᠤᠷᠢᠭ ᠤᠨ ᠧᠨ ᠸᠧ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠥᠪᠥᠷ ᠮᠣᠩᠭᠤᠯ ᠤᠨ ᠬᠤᠸᠠ ᠴᠦ᠋ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠶᠤᠸᠠᠨ ᠱᠧᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠪᠦᠲᠦᠭᠡᠨ ᠪᠠᠶᠢᠭᠤᠯᠵᠤ ᠪᠠᠶᠢᠭ᠎ᠠ ᠤᠯᠠᠭᠠᠨᠬᠠᠳᠠ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠪᠣᠯᠣᠨ ᠶᠤᠸᠠᠨ ᠪᠦᠦ ᠱᠠᠨ ᠲᠣᠭᠤᠷᠢᠭ ᠤᠨ ᠮᠦ ᠹᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠤᠯᠠᠭᠠᠨᠬᠠᠳᠠ︶ ᠤᠨ ᠬᠢᠵᠠᠭᠠᠷᠲᠤ ᠺᠣᠮᠫᠠᠨᠢ᠂  ᠵᠦᠩ ᠺᠧ ᠷᠦᠨ ᠽᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠰᠢᠨ᠎ᠡ ᠴᠢᠨᠠᠷ  ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠪᠤᠳᠤᠯ ᠰᠠᠨᠠᠭᠤᠯᠭ᠎ᠠ ᠶᠢ ᠰᠣᠨᠣᠰᠴᠤ᠂ ᠲᠡᠳᠡᠨ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠯ᠎ᠠ ᠪᠠᠷ ᠭᠠᠪᠰᠢᠭᠠᠶᠢᠯᠠᠬᠤ ᠪᠠᠷ ᠴᠢᠷᠮᠠᠶᠢᠵᠤ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ  ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠲᠤᠰ ᠡᠳᠦᠷ ᠤᠨ ᠦᠳᠡ ᠶᠢᠨ ᠬᠤᠶᠢᠨ᠎ᠠ᠂ ᠸᠠᠨ ᠴᠤᠤ ᠴᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠤᠸᠠᠨ ᠪᠦᠦ ᠱᠠᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠭᠤᠷᠪᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠵᠢᠴᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠤᠭᠤᠳ ᠲᠠᠢ ᠰᠠᠨᠠᠯ ᠢᠶᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠨᠥᠬᠦᠳ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠬᠤ ᠭᠤᠣᠯ ᠰᠡᠳᠦᠪ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ᠂ ᠴᠢᠳᠠᠪᠤᠷᠢᠲᠠᠨ ᠢ ᠳᠠᠳᠠᠨ ᠬᠥᠮᠥᠵᠢᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠸᠠᠨ ᠴᠤᠤ ᠴᠢ᠂ ᠣᠯᠠᠨ ᠵᠢᠯ ᠤᠨ ᠬᠤᠷᠠᠮᠳᠤᠭᠤᠯᠤᠯ ᠢᠶᠠᠷ ᠳᠡᠮᠵᠢᠨ᠂ ᠮᠠᠨ ᠤ ᠬᠤᠲᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠯ᠎ᠠ ᠪᠠᠷ ᠵᠣᠬᠢᠬᠤ ᠰᠠᠭᠤᠷᠢ ᠲᠠᠢ ᠪᠣᠯᠵᠤ᠂ ᠤᠯᠠᠮᠵᠢᠯᠠᠯᠲᠤ ᠠᠵᠤ ᠦᠢᠯᠡᠰ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠᠷ ᠳᠡᠮᠵᠢᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠥᠷᠨᠢᠨ ᠬᠥᠭᠵᠢᠵᠦ᠂ ᠰᠢᠨ᠎ᠡ ᠶᠢ ᠡᠭᠦᠳᠬᠦ ᠮᠡᠷᠭᠡᠵᠢᠯ ᠪᠠ ᠦᠢᠯᠡᠳᠬᠦᠨ ᠲᠠᠰᠤᠷᠠᠯᠲᠠ ᠦᠭᠡᠢ ᠢᠯᠡᠷᠡᠵᠦ ᠪᠠᠶᠢᠨ᠎ᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠪᠠᠲᠤᠲᠠᠢ ᠠᠳᠬᠤᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠵᠤ ᠦᠢᠯᠡᠰ᠂ ᠦᠢᠯᠡᠳᠬᠦᠨ᠂ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ᠂ ᠲᠣᠭᠲᠠᠴᠠ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠶᠢ ᠲᠦᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠨ ᠪᠤᠵᠠᠭᠠᠶᠢᠷᠠᠬᠤ ᠶᠢ ᠢᠳᠡᠪᠬᠢᠲᠡᠢ ᠲᠦᠯᠬᠢᠨ ᠠᠬᠢᠭᠤᠯᠬᠤ ᠬᠡᠷᠡᠭᠲᠡᠢ ᠃ ᠠᠵᠤ ᠦᠢᠯᠡᠰ ᠢ ᠪᠣᠶᠢᠵᠢᠭᠤᠯᠬᠤ ᠠᠯᠬᠤᠴᠠ ᠪᠠᠨ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠴᠣᠭᠴᠠᠯᠠᠵᠤ᠂ ᠢᠷᠡᠭᠡᠳᠦᠢ  ᠶᠢᠨ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠳᠠᠪᠠᠭᠤᠯᠢᠭ ᠣᠨᠴᠠᠯᠢᠭ ᠢᠶᠠᠨ ᠪᠠᠳᠠᠷᠠᠭᠤᠯᠬᠤ ᠶᠢᠨ ᠲᠣᠭᠤᠷᠢᠨ ᠳᠤ᠂ ᠨᠠᠷᠢᠯᠢᠭ ᠣᠨᠤᠴᠠᠲᠠᠢ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠮᠡᠷᠭᠡᠵᠢᠯ ᠤᠨ ᠡᠬᠢᠯᠡᠯᠲᠡ ᠶᠢᠨ ᠴᠡᠭ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠠᠶᠢᠨ ᠲᠦᠷᠦᠯ ᠵᠦᠢᠯ ᠢ ᠬᠦᠴᠦᠯᠡᠨ ᠣᠷᠣᠭᠤᠯᠵᠤ᠂ ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠦᠢᠯᠡᠳᠬᠦᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠴᠢᠩᠭᠠᠳᠬᠠᠬᠤ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ᠂ ᠵᠠᠬᠢᠶᠠᠯᠠᠭ᠎ᠠ ᠶᠢᠨ ᠬᠠᠭᠤᠳᠠᠰᠤ᠂ ᠵᠣᠴᠢᠨ ᠡᠷᠦᠬᠡ ᠡᠷᠢᠯᠬᠢᠯᠡᠵᠦ᠂ ᠤᠯᠠᠭᠠᠨᠬᠠᠳᠠ ᠶᠢᠨ ᠴᠢᠨᠠᠷ ᠰᠠᠶᠢᠲᠠᠢ ᠦᠢᠯᠡᠳᠬᠦᠨ ᠢ ᠤᠯᠠᠭᠠᠨᠬᠠᠳᠠ ᠠᠴᠠ ᠨᠠᠩ ᠣᠯᠠᠨ ᠭᠠᠷᠭᠠᠵᠤ᠂ ᠪᠥᠬᠦ ᠤᠯᠤᠰ ᠤᠨ ᠬᠡᠪᠴᠢᠶᠡᠨ ᠳᠤ ᠪᠣᠷᠤᠯᠠᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠦᠴᠦᠨ ᠴᠢᠳᠠᠯ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠵᠤ ᠦᠢᠯᠡᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢ ᠬᠢᠨᠠᠮᠠᠭᠠᠢ ᠰᠠᠶᠢᠲᠤᠷ ᠪᠠᠶᠢᠭᠤᠯᠵᠤ᠂ ᠪᠣᠳᠠᠲᠤ ᠴᠣᠭᠴᠠᠲᠤ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠦᠬᠦ ᠨᠡᠶᠢᠭᠡᠮ ᠤᠨ ᠪᠠ ᠡᠯ᠎ᠡ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠬᠤ᠂ ᠤᠬᠠᠮᠰᠠᠷ ᠠᠴᠠ ᠪᠠᠨ ᠰᠢᠨ᠎ᠡ ᠶᠢ ᠡᠭᠦᠳᠬᠦ ᠶᠢ ᠳᠠᠶᠢᠴᠢᠯᠠᠵᠤ᠂ ᠪᠡᠶᠡᠴᠢ ᠴᠣᠭᠴᠠ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠤᠳᠤᠷᠢᠳᠤᠮᠵᠢ ᠶᠢ ᠴᠢᠩᠭᠠᠳᠬᠠᠵᠤ᠂ ᠠᠵᠤ ᠦᠢᠯᠡᠰ ᠤᠨ ᠳᠡᠰ ᠳᠡᠪᠰᠢᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠰᠢᠨᠡᠴᠢᠯᠡᠯᠲᠡ᠂ ᠴᠢᠳᠠᠪᠤᠷᠢᠲᠠᠨ ᠢ ᠬᠥᠮᠥᠵᠢᠭᠦᠯᠬᠦ᠂ ᠥᠨᠳᠥᠷ ᠤᠷ᠎ᠠ ᠮᠡᠷᠭᠡᠵᠢᠯ ᠤᠨ ᠠᠵᠢᠯᠴᠢᠨ ᠢ ᠬᠥᠮᠥᠵᠢᠭᠦᠯᠬᠦ ᠵᠡᠷᠭᠡ ᠲᠠᠯ᠎ᠠ ᠪᠠᠷ ᠬᠢ ᠱᠠᠩᠨᠠᠯ ᠳᠡᠮᠵᠢᠯᠭᠡ ᠶᠢ ᠴᠢᠩᠭᠠᠳᠬᠠᠵᠤ᠂ ᠰᠢᠨ᠎ᠡ ᠶᠢ ᠡᠭᠦᠳᠬᠦ ᠶᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠶᠡᠬᠡᠪᠡᠷ ᠠᠬᠢᠭᠤᠯᠵᠤ᠂ ᠳᠤᠲᠠᠭᠤᠳᠠᠯ ᠪᠠᠭᠤᠷᠠᠢ ᠵᠦᠢᠯ ᠳᠤ ᠴᠢᠭᠯᠡᠭᠦᠯᠵᠦ᠂ ᠣᠷᠣᠭᠤᠯᠤᠯᠲᠠ᠂ ᠤᠷᠮᠠᠰᠢᠭᠤᠯᠤᠯ᠂ ᠲᠣᠭᠲᠠᠴᠠ ᠣᠨᠴᠠᠭᠠᠶᠢᠯᠠᠨ ᠮᠡᠷᠭᠡᠵᠢᠯ ᠢ ᠣᠷᠣᠭᠤᠯᠤᠨ ᠠᠪᠴᠢᠷᠠᠬᠤ᠂ ᠰᠤᠳᠤᠯᠤᠨ ᠨᠡᠭᠡᠭᠡᠵᠦ ᠬᠤᠪᠢᠷᠠᠭᠤᠯᠬᠤ ᠵᠡᠷᠭᠡ ᠴᠢᠬᠤᠯᠠ ᠴᠢᠭᠯᠡᠯ ᠢ ᠬᠠᠷᠠᠭᠠᠯᠠᠨ ᠪᠦᠰᠡᠯᠡᠯᠲᠡ ᠶᠢ ᠰᠢᠪᠲᠤᠯᠵᠤ᠂ ᠡᠭᠦᠷᠭᠡ ᠪᠠ ᠬᠠᠷᠠᠯᠲᠠ ᠪᠠᠨ ᠲᠣᠳᠣᠷᠬᠠᠶᠢᠯᠠᠵᠤ᠂ ᠯᠠᠪᠳᠠᠭᠤᠨ ᠪᠠᠲᠤᠲᠠᠢ ᠶᠡᠭᠡ ᠬᠦᠴᠦ ᠣᠷᠣᠭᠤᠯᠵᠤ᠂ ᠠᠮᠵᠢᠯᠲᠠ ᠪᠦᠲᠦᠮᠵᠢ ᠭᠠᠷᠭᠠᠵᠤ᠂ ᠤᠷᠲᠤ ᠬᠤᠭᠤᠴᠠᠭ᠎ᠠ ᠪᠠᠷ ᠴᠥᠬᠦᠷᠡᠰᠢ ᠦᠭᠡᠢ ᠪᠠᠷᠢᠮᠲᠠᠯᠠᠬᠤ ᠪᠠ ᠪᠣᠳᠠᠲᠠᠢ ᠠᠵᠢᠯᠯᠠᠬᠤ ᠪᠠᠷ ᠳᠠᠮᠵᠢᠨ᠂ ᠮᠠᠨ ᠤ ᠬᠤᠲᠠ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠣᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ᠂ ᠰᠦᠩᠱᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠣᠯᠣᠨ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠵᠢᠴᠢ ᠶᠠᠷᠢᠯᠴᠠᠬᠤ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠷᠦᠨ ᠽᠢ᠂ ᠮᠦ ᠹᠠᠨ ᠡᠨᠧᠷᠭᠢ᠂ ᠠᠯᠤᠰ ᠬᠡᠳᠤ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ᠂ ᠤᠯᠠᠭᠠᠨᠬᠠᠳᠠ ᠶᠢᠨ ᠶᠦᠨ ᠲᠦᠩ᠂ ᠶᠢᠨ ᠲᠦᠩ ᠵᠡᠰ ᠤᠨ ᠦᠢᠯᠡᠰ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ