ᠪᠥᠬᠦ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/15
     3 ᠰᠠᠷ᠎ᠠ ᠶᠢᠨ 13 ᠤ ᠡᠳᠦᠷ᠂ ᠪᠥᠬᠦ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ  ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃           ᠬᠤᠷᠠᠯ ᠠᠴᠠ 2023 ᠣᠨ ᠤ ᠪᠥᠬᠦ ᠬᠤᠲᠠ ᠶᠢᠨ 12345 ᠬᠠᠯᠠᠮᠰᠢᠯ ᠤᠲᠠᠰᠤᠨ ᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ︽ᠬᠤᠰᠢᠭᠤ ᠰᠢᠶᠠᠨ ᠲᠣᠭᠤᠷᠢᠭ ᠤᠨ ᠬᠠᠯᠠᠮᠰᠢᠯ ᠤᠲᠠᠰᠤᠨ ᠤ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃    ᠲᠢᠶᠠᠨ ᠴᠧᠨ ᠭᠤᠸᠠᠩ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠯᠠᠮᠰᠢᠯ ᠤᠲᠠᠰᠤᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠯᠵᠢᠭᠦᠯᠦᠨ ᠰᠢᠢᠳᠪᠦᠷᠢᠯᠡᠭᠦᠯᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠮᠥᠷᠳᠡᠨ ᠰᠤᠷᠪᠤᠯᠵᠢᠯᠠᠬᠤ ᠠᠵᠢᠯ ᠢ ᠴᠢᠩᠭᠠᠳᠬᠠᠨ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠠᠵᠢᠯ ᠤᠨ ᠲᠣᠭᠲᠠᠴᠠ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠬᠥᠭᠵᠢᠯᠲᠡ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠨᠢᠭᠡ ᠴᠣᠭᠴᠠᠵᠢᠭᠤᠯᠤᠨ ᠠᠬᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠠᠶᠢᠩᠭᠤ ᠠᠳᠬᠤᠬᠤ᠂ ᠤᠷᠳᠤ ᠬᠤᠭᠤᠴᠠᠭ᠎ᠠ ᠪᠠᠷ ᠠᠳᠬᠤᠬᠤ᠂ ᠵᠡᠷᠭᠡᠪᠡᠷ ᠠᠳᠬᠤᠬᠤ ᠠᠵᠢᠯ ᠤᠨ ᠠᠭᠤᠷ ᠠᠮᠢᠰᠬᠤᠯ ᠢ ᠦᠨᠡᠨᠬᠦ ᠪᠤᠢ ᠪᠣᠯᠭᠠᠵᠤ᠂ ᠬᠠᠯᠠᠮᠰᠢᠯ ᠤᠲᠠᠰᠤᠨ ᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠢ ᠳᠦᠷᠰᠦ ᠨᠡᠪᠲᠡᠷᠡᠭᠦᠯᠭᠡ  ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ  ᠲᠣᠬᠢᠷᠠᠭᠤᠯᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ