ᠸᠠᠩ ᠯᠢ ᠰᠢᠶᠠ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠵᠢᠯᠯᠠᠵᠤ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ᠂ ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠬᠤ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠬᠠᠢ ᠶᠢᠨ ᠲᠠᠯᠠᠪᠠᠶ ᠳᠤ ᠠᠯᠪᠠᠯᠠᠨ ᠰᠢᠢᠳᠪᠦᠷᠢᠯᠡᠪᠡ᠃    ᠸᠠᠩ ᠯᠢ ᠰᠢᠶᠠ ᠮᠧᠩ ᠰᠢᠨ ᠪᠦᠯᠦᠭᠯᠡᠯ ᠤᠨ ᠨᠡᠭᠦᠷᠡᠰᠦᠳᠦᠷᠦᠭᠴᠢ ᠦᠭᠡᠢ ᠰᠢᠪᠲᠦᠷ ᠤᠨ ᠪᠦᠲᠦᠭᠡᠭᠳᠡᠬᠦᠨ ᠰᠠᠶ᠋ᠢᠬᠠᠨ ᠠᠰᠢᠭᠯᠠᠯᠲᠠ ᠳᠤ ᠣᠷᠣᠭᠰᠠᠨ ᠳᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠲᠡᠷᠡ ᠠᠵᠤ ᠠᠬᠤᠶᠢᠯᠠᠯ ᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽  ᠰᠢᠪᠲᠤᠯᠤᠯᠲᠠ︾  ᠶᠢᠨ ᠢᠨᠵᠧᠨᠧᠷᠢᠩ  ᠳᠤ ᠢᠳᠡᠪᠬᠢᠲᠡᠢ ᠣᠷᠣᠯᠴᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ ᠨᠢᠭᠡᠨ ᠰᠢᠨ᠎ᠡ ᠵᠠᠮ ᠢ ᠨᠡᠭᠡᠭᠡᠭᠡᠷᠡᠢ ᠭᠡᠵᠦ ᠵᠣᠷᠢᠭᠵᠢᠭᠤᠯᠪᠠ᠃    ᠳ᠋ᠦᠩᠱᠠᠨ ᠤ ᠬᠥᠩᠭᠡᠨᠴᠠᠭᠠᠨ ᠤ ᠦᠢᠯᠡᠰ ᠤᠨ ᠴᠠᠬᠢᠯᠭᠠᠨ ᠵᠠᠳᠠᠯᠤᠯᠲᠠ ᠤᠨ ᠬᠥᠩᠭᠡᠨᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ  ᠶᠢᠨ ᠲᠠᠯᠠᠪᠠᠢ ᠳᠤ ᠮᠠᠰᠢᠨ ᠮᠧᠬᠠᠨᠢᠭ ᠢᠶᠠᠷ ᠬᠦᠷ ᠬᠥᠭᠵᠢᠶᠡᠨ ᠲᠠᠢ ᠪᠠᠶᠢᠵᠤ᠂ ᠸᠠᠩ ᠯᠢ ᠰᠢᠶᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠲᠤ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠪᠦᠬᠦ ᠦᠶᠡᠯᠡᠯ ᠤᠨ ᠬᠤᠭᠤᠴᠠᠭᠠᠨ ᠤ ︽ᠢᠵᠢ ᠪᠦᠷᠢᠳᠦᠭᠰᠡᠨ ᠦᠢᠯᠡᠴᠢᠯᠡᠭᠡ︾ ᠬᠠᠩᠭᠠᠬᠤ ᠬᠡᠷᠡᠭᠲᠡᠢ ᠭᠡᠵᠦ  ᠵᠢᠭᠠᠵᠤ ᠭᠠᠷᠭᠠᠪᠠ᠃    ᠸᠠᠩ ᠯᠢ ᠰᠢᠶᠠ ᠪᠠᠰᠠ ᠮᠢᠩ ᠶᠤᠸᠠᠢ ᠺᠣᠮᠫᠠᠨᠢ ᠶᠢᠨ ᠳᠡᠭᠡᠳᠦ ᠲᠡᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ᠂ ᠰᠢᠩ ᠶᠣᠣ ᠸᠣᠯᠹᠷᠠᠮ ᠮᠣᠯᠢᠪᠳᠧᠨ ᠤ ᠳᠡᠭᠡᠳᠦ ᠲᠡᠰ ᠤᠨ ᠬᠠᠶᠢᠯᠤᠰᠢ ᠶᠢᠨ ᠮᠠᠲ᠋ᠧᠷᠢᠶᠠᠯ ᠢ ᠦᠢᠯᠡᠳᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠦᠢᠯᠡᠳᠪᠦᠷ᠊ ᠶᠢᠨ ᠲᠠᠰᠤᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠬᠡᠷᠡᠭᠯᠡᠭᠡᠨ ᠤ ᠪᠠᠶᠢᠳᠠᠯ ᠵᠡᠷᠭᠡ ᠪᠠᠶᠢᠳᠠᠯ ᠢ ᠣᠶᠢᠯᠠᠭᠠᠪᠠ᠃   ᠸᠠᠩ ᠯᠢ ᠰᠢᠶᠠ ᠠᠵᠤ ᠠᠬᠤᠶᠢᠯᠠᠯᠲᠠᠨ ᠳᠤ᠂ ᠥᠪᠥᠷ ᠮᠣᠩᠭᠤᠯ ᠶᠠᠭ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂  ᠪᠦᠬᠦ ᠬᠦᠴᠦᠨ ᠢᠶᠠᠷ ᠢᠶᠠᠨ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠢᠶᠠᠷ ᠤᠷᠤᠭᠰᠢᠯᠠᠵᠤ᠂ ᠠᠯᠤᠰ ᠢᠷᠡᠭᠡᠳᠦᠢ ᠳᠤ ᠬᠢᠵᠠᠭᠠᠯᠠᠰᠢ ᠦᠭᠡᠢ ᠶᠡᠭᠡ ᠡᠷᠡᠮᠡᠯᠵᠡᠯ ᠲᠠᠢ ᠪᠠᠶᠢᠨ᠎ᠠ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠳ ᠥᠪᠥᠷ ᠮᠣᠩᠭᠤᠯ ᠳᠤ ᠦᠨᠳᠦᠰᠦᠯᠡᠵᠦ᠂ ᠥᠪᠥᠷ ᠮᠣᠩᠭᠤᠯ ᠳᠤ ᠭᠦᠨᠵᠡᠭᠡᠶᠢᠷᠡᠵᠦ ᠂ ᠨᠡᠩ ᠤᠯᠠᠨ ᠰᠠᠶᠢᠨ ᠲᠦᠷᠦᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠲᠡᠷᠡ᠂ ᠡᠯ᠎ᠡ ᠱᠠᠲᠤᠨ ᠤ ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠢᠳᠡᠪᠬᠢᠲᠡᠢ ᠠᠵᠢᠯᠯᠠᠵᠤ᠂ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠣᠯᠭᠠᠵᠤ᠂ ᠠᠵᠤ ᠠᠬᠤᠶᠢᠯᠠᠯ ᠤᠨ ᠤᠴᠢᠷ ᠶᠠᠪᠤᠳᠠᠯ ᠢ ᠥᠪᠡᠷ ‍ᠦᠨ‌ᠤᠴᠢᠷ ᠶᠠᠪᠤᠳᠠᠯ ᠢᠶᠠᠨ ᠪᠣᠯᠭᠠᠵᠤ᠂ ᠠᠰᠠᠭᠤᠳᠠᠯ ᠲᠤᠯᠭᠠᠷᠠᠪᠠᠯ ᠦᠨᠡᠨ ᠪᠣᠳᠠᠲᠠᠢ ᠪᠠᠷ ᠰᠢᠢᠳᠪᠦᠷᠢᠯᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠪᠣᠳᠠᠲᠠᠢ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠭᠠᠷ ᠬᠤᠯᠪᠣᠯᠴᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ