ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠵᠢᠴᠢ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 15 ᠤ ᠡᠳᠦᠷ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠣᠳᠣᠬᠠᠨ ᠤ ᠪᠠᠶᠢᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠲᠢᠶᠠᠨ ᠴᠧᠨ ᠭᠤᠸᠠᠩ᠂ ᠵᠠᠩ ᠵᠢᠢ ᠺᠠᠩ᠂ ᠹᠠᠩ ᠷᠦᠢ᠂ ᠯᠢ ᠵᠢᠩ ᠵᠢᠩ᠂ ᠶᠠᠩ ᠮᠦ᠂ ᠵᠣᠣ ᡁᠢ ᠭᠠᠩ᠂ ᠵᠠᠩ ᠭᠦᠸᠧ ᠬᠤᠸᠠ ᠬᠤᠷᠠᠯ ᠳᠤ ᠣᠷᠤᠯᠴᠠᠪᠠ᠃ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ ᠡᠷᠬᠢᠯᠡᠪᠡ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂  ᠡᠷᠡᠮᠡᠬᠡᠶᠢᠯᠡᠨ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠡᠷᠴᠢᠮᠲᠡᠢ ᠰᠠᠶᠢᠲᠤᠷ ᠬᠢᠵᠦ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠵᠤ᠂ ︽ᠬᠤᠶᠠᠷ ᠢ ᠬᠠᠭᠠᠰ ᠢᠶᠠᠷ ᠪᠡᠶᠡᠯᠡᠭᠦᠯᠬᠦ︾᠂ ︽ᠪᠦᠬᠦ ᠵᠢᠯ ᠳᠤ ᠪᠠᠨ ᠲᠣᠭᠲᠠᠭᠤᠨ ᠪᠠᠶᠢᠬᠤ︾ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠣᠭᠲᠠᠮᠠᠯ ᠬᠥᠷᠥᠩᠭᠡ  ᠶᠢᠨ ᠪᠡᠯᠡ ᠣᠷᠣᠭᠤᠯᠤᠯᠲᠠ ᠶᠢ ᠴᠢᠩᠭ᠎ᠠ ᠠᠩᠬᠠᠷᠴᠤ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠪᠠ ᠬᠠᠨᠳᠤᠰᠢ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠦᠨᠳᠦᠰᠦᠨ ᠪᠠᠶᠢᠳᠠᠯ ᠢ ᠪᠠᠲᠤ ᠲᠣᠭᠲᠠᠪᠤᠷᠢᠵᠢᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦ  ᠪᠠᠷ ᠢᠶᠠᠨ ᠰᠠᠶᠢᠲᠤᠷ ᠠᠳᠬᠤᠵᠤ᠂ ︽ᠨᠢᠭᠡ ᠲᠥᠷᠥᠯ ᠵᠦᠢᠯ ᠨᠢᠭᠡ ᠨᠠᠷᠢᠨ ᠬᠠᠭᠤᠳᠠᠰᠦ︾ ᠶᠢᠨ ᠠᠬᠢᠴᠠ ᠶᠢᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠨᠢᠭᠲᠠ ᠠᠩᠬᠠᠷᠴᠤ᠂ ᠢᠯᠠᠩᠭᠤᠶ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ ᠢᠶᠠᠨ ᠡᠬᠢᠯᠡᠭᠦᠯᠬᠦ ᠪᠠ ᠠᠵᠢᠯ ᠢᠶᠠᠨ ᠰᠡᠷᠭᠦᠭᠡᠬᠦ᠂ ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠬᠤ ᠴᠠᠭ ᠵᠢᠴᠢ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠢ ᠴᠢᠩᠭ᠎ᠠ ᠠᠩᠬᠠᠷᠴᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠱᠠᠯᠠᠪᠳᠠᠨ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠡᠷᠭᠦᠯᠲᠡ ᠶᠢᠨ ᠳᠠᠶᠢᠯᠠᠯᠳᠤᠭᠠᠨ︾ ᠢ ᠡᠷᠡᠰ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠡᠯ᠎ᠡ ᠲᠠᠯ᠎ᠠ ᠶᠢᠨ ᠲᠣᠬᠢᠷᠠᠭᠤᠯᠭ᠎ᠠ ᠶᠢᠨ ᠬᠠᠷᠢᠭᠤᠴᠠᠯᠭ᠎ᠠ᠂ ᠵᠣᠯᠭᠠᠭᠤᠯᠤᠨ ᠬᠠᠮᠵᠢᠯᠴᠠᠬᠤ᠂ ᠬᠢᠨᠠᠨ ᠰᠢᠯᠭᠠᠵᠤ ᠦᠨᠡᠯᠡᠯᠲᠡ ᠬᠢᠬᠦ ᠶᠢ ᠴᠢᠩᠳᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠳᠡᠳ᠋ ᠬᠤᠲᠠ ᠶᠢᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠲᠠᠯ᠎ᠠ ᠪᠠᠷ ᠬᠠᠨᠳᠤᠯᠭᠠᠲᠤ ᠴᠢᠨᠠᠷᠲᠠᠢ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠪᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠬᠡᠰᠡᠭ ᠬᠤᠰᠢᠭᠤ ᠰᠢᠶᠠᠨ ᠲᠣᠭᠤᠷᠢᠭ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ  ᠳᠤᠷᠠᠳᠪᠠ᠃    ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠰᠢᠦᠢ ᠯᠢ ᠵᠢᠶᠦ᠋ᠨ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ