ᠨᠢᠩᠴᠧᠩ ᠰᠢᠶᠠᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠺᠣᠳ᠋ ᠢᠶᠠᠷ ᠭᠦᠢᠴᠡᠳᠭᠡᠬᠦ︾ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠳᠠᠷᠤᠶᠢᠬᠠᠨ ᠭᠦᠢᠴᠡᠳᠬᠡᠬᠦ︾ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/3/19
 

 ᠨᠢᠩᠴᠧᠩ ᠰᠢᠶᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠬᠦᠷᠢᠶᠡᠨ ᠳᠠᠬᠢ ᠥᠨᠳᠥᠷ ᠳᠠᠪᠲᠠᠮᠵᠢ ᠶᠢᠨ ᠲᠤᠬᠠᠶᠢᠯᠠᠭᠰᠠᠨ ᠠᠵᠢᠯ ᠢ ᠡᠮᠬᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ᠂ ᠢᠳᠡᠭᠡᠨ᠂

ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠣᠯᠠᠨ ᠲᠤᠬᠠᠶᠢᠯᠠᠭᠰᠠᠨ ᠠᠵᠢᠯ ᠤᠨ ᠲᠥᠷᠥᠯ ᠤᠨ ᠭᠦᠢᠴᠡᠳᠬᠡᠬᠦ ᠴᠤᠪᠤᠷᠠᠯ᠂ ᠮᠠᠲ᠋ᠧᠷᠢᠶᠠᠯ ᠤᠨ ᠵᠠᠭᠪᠤᠷ᠂

ᠭᠤᠶᠤᠴᠢᠯᠠᠯ ᠤᠨ ᠬᠦᠰᠦᠨᠦᠭᠲᠦ᠂ ᠬᠡᠷᠡᠭᠰᠡᠬᠦ ᠦᠨᠡᠮᠯᠡᠯ ᠵᠡᠷᠭᠡ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠪᠥᠬᠦ ᠴᠤᠪᠤᠷᠠᠯ ᠮᠠᠲ᠋ᠧᠷᠢᠶᠠᠯ ᠤᠨ ᠬᠤᠶᠠᠷ ᠬᠡᠮᠵᠢᠯᠲᠦ

ᠲᠡᠮᠳᠡᠭ ᠤᠨ ᠬᠡᠷᠡᠭ ᠭᠦᠢᠴᠡᠳᠬᠡᠬᠦ ᠵᠦᠭᠯᠡᠭᠦᠷ ᠢ ᠲᠤᠰ ᠲᠤᠰ ᠦᠢᠯᠡᠳᠪᠡ᠃ ᠬᠤᠶᠠᠷ ᠬᠡᠮᠵᠢᠯᠲᠦ ᠲᠡᠮᠳᠡᠭ ᠤᠨ ᠦᠵᠡᠭᠦᠯᠦᠯᠭᠡ ᠶᠢᠨ ᠰᠠᠮᠪᠠᠷ᠎ᠠ ᠶᠢ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠡᠯ᠎ᠡ ᠰᠢᠶᠠᠩ ᠪᠠᠯᠭᠠᠰᠤᠨ ᠳᠤ ᠨᠠᠭᠠᠬᠤ ᠶᠢᠨ ᠬᠠᠮᠲᠤ ᠰᠦᠯᠵᠢᠶᠡᠨ ᠳᠡᠭᠡᠷᠡᠬᠢ ᠥᠪᠡᠰᠦᠪᠡᠨ ᠭᠦᠢᠴᠡᠳᠬᠡᠬᠦ

ᠦᠢᠯᠡᠴᠢᠯᠡᠭᠡᠨ ᠤ ᠲᠢᠩᠬᠢᠮ ᠤᠨ ᠺᠣᠮᠫᠢᠦ᠋ᠲ᠋ᠧᠷ ᠤᠨ ᠬᠤᠯᠤᠭᠠᠨᠠᠴᠢᠷ ᠤᠨ ᠳᠡᠪᠢᠰᠬᠡᠷ ᠳᠡᠭᠡᠷ᠎ᠡ ᠳᠠᠷᠤᠮᠠᠯᠵᠤ᠂ ᠲᠤᠰᠬᠠᠢ ᠬᠥᠮᠥᠨ ᠲᠣᠮᠢᠯᠠᠨ ᠠᠷᠤ ᠲᠠᠪᠴᠠᠩ ᠵᠢᠴᠢ

ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠠᠭᠠᠯᠠᠨ ᠰᠢᠨᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠺᠣᠳ᠋ ᠰᠢᠷᠪᠢᠭᠰᠡᠨ ᠤ ᠳᠠᠷᠠᠭ᠎ᠠ

ᠮᠠᠲ᠋ᠧᠷᠢᠶᠠᠯ ᠤᠨ ᠨᠠᠷᠢᠨ ᠲᠠᠩᠰᠠ ᠶᠢ ᠦᠵᠡᠮᠡᠭᠴᠡ ᠲᠣᠳᠣᠷᠬᠠᠢ ᠮᠡᠳᠡᠵᠦ᠂ ᠲᠠᠭᠯᠠᠨ ᠮᠡᠳᠡᠭᠦᠯᠵᠦ ᠳᠠᠷᠤᠮᠠᠯᠯᠠᠬᠤ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂

ᠭᠦᠢᠴᠡᠳᠬᠡᠬᠦ ᠠᠬᠢᠴᠠ ᠶᠢ ᠴᠠᠭ ᠲᠤᠬᠠᠢ ᠳᠤᠨᠢ ᠡᠵᠡᠮᠳᠡᠬᠦ ᠶᠢ ᠦᠨᠡᠨᠬᠦ ᠪᠠᠲᠤᠯᠠᠪᠠ᠃ ᠣᠳᠣᠬᠠᠨ ᠳᠤ᠂ ᠵᠢᠵᠢᠭ ᠪᠢᠴᠢᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ

ᠳᠡᠩᠰᠡᠯᠡᠨ ᠡᠷᠬᠢᠯᠡᠬᠦ ᠬᠤᠶᠠᠷ ᠬᠡᠮᠵᠢᠯᠲᠦ ᠺᠣᠳ᠋ ᠢ 132᠂ ᠺᠣᠮᠫᠠᠨᠢ ᠠᠵᠤ ᠠᠬᠤᠶᠢᠯᠠᠯ ᠤᠨ ᠲᠤᠰᠬᠠᠢ ᠠᠵᠢᠯ ᠡᠷᠭᠢᠯᠡᠬᠦ ᠵᠦᠭᠯᠡᠭᠦᠷ ᠢ 33᠂ ᠡᠮ ᠤᠨ ᠵᠦᠢᠯ ᠤᠨ

ᠪᠠᠭᠠᠵᠢ ᠬᠡᠷᠡᠭᠰᠡᠯ ᠤᠨ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠢ ᠠᠵᠢᠯ ᠡᠷᠭᠢᠯᠡᠬᠦ ᠵᠦᠭᠯᠡᠭᠦᠷ ᠢ 17᠂ ᠢᠳᠡᠭᠡᠨ ᠤ ᠵᠦᠢᠯ ᠤᠨ ᠵᠢᠵᠢᠭ

ᠦᠢᠯᠡᠳᠬᠡᠯ ᠤᠨ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠢ ᠠᠵᠢᠯ ᠡᠷᠭᠢᠯᠡᠬᠦ ᠵᠦᠭᠯᠡᠭᠦᠷ ᠢ 4 ᠦᠢᠯᠡᠳᠪᠡ᠃

 

ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ