ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/2

ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ

ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢ ᠪᠠᠲᠤ ᠴᠣᠭᠴᠠᠯᠠᠬᠤ ᠶᠡᠷᠦᠩᠬᠡᠶᠢᠯᠡᠭᠰᠡᠨ ᠬᠥᠮᠦᠵᠢᠯ

ᠦᠢᠯᠡᠳᠦᠯᠭᠡ ᠶᠢᠨ ᠰᠠᠭᠤᠷᠢᠨ ᠭᠠᠵᠠᠷ ᠎ ᠲᠤ ᠬᠥᠷᠴᠦ᠂ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ

ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠂ ᠠᠵᠢᠯᠴᠢᠨ ᠤ ᠡᠪᠯᠡᠯ ᠤᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠺᠠᠳ᠋ᠷ ᠢ ᠣᠯᠡᠮ ᠨᠢᠭᠡ ᠠᠯᠬᠤᠮ

ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠯᠲᠠ ᠶᠢ ᠨᠢ

ᠭᠦᠨᠵᠡᠭᠡᠶᠢᠷᠡᠭᠦᠯᠵᠦ ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ 

ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠥᠭᠡᠢ ᠲᠥᠯᠬᠢᠨ ᠠᠬᠢᠭᠤᠯᠪᠠ᠃ ᠬᠤᠲᠠ ᠂ ᠲᠣᠭᠤᠷᠢᠭ ᠤᠨ ᠬᠤᠶᠠᠷ ᠱᠠᠲᠤᠨ ᠤ ᠠᠵᠢᠯᠴᠢᠨ ᠤ

ᠡᠪᠯᠡᠯ ᠤᠨ 40 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ ᠃

ᠠᠵᠢᠯᠯᠠᠭ᠎ᠠ ᠶᠢᠨ ᠳᠤᠮᠳᠠ᠂ ᠠᠵᠢᠯᠯᠠᠭ᠎ᠠ ᠳᠤ ᠣᠷᠣᠯᠴᠠᠭᠰᠠᠨ ᠬᠥᠮᠥᠰ ︽ᠭᠡᠷᠡᠯ ᠰᠠᠴᠤᠷᠠᠩᠭᠤᠢ ᠲᠡᠦᠬᠡᠨ ᠶᠠᠪᠤᠴᠠ ᠠᠭᠤᠤ ᠶᠡᠭᠡ ᠠᠮᠵᠢᠯᠲᠠ ︾ ᠪᠠ ︽ᠪᠦᠯᠬᠦᠮᠳᠡᠯ

ᠳᠠᠪᠰᠢᠯᠲᠠ ᠴᠡᠴᠡᠭᠯᠡᠯ ᠬᠥᠭᠵᠢᠯ︾ ᠭᠡᠬᠦ ᠬᠤᠶᠠᠷ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠠᠮᠢᠳᠤᠯᠢᠭ ᠰᠠᠶᠢᠬᠠᠨ ᠵᠢᠷᠤᠭ ᠦᠰᠦᠭ ᠤᠨ

ᠦᠵᠡᠭᠦᠯᠦᠯᠭᠡ ᠶᠢᠨ ᠰᠠᠮᠪᠠᠷ᠎ᠠ ᠨᠤᠭᠤᠳ ᠢ ᠨᠠᠷᠢᠨ ᠠᠵᠢᠭᠯᠠᠵᠤ᠂ ᠬᠥᠮᠥᠰ ᠤᠨ ᠤᠷᠮ᠎ᠠ ᠵᠣᠷᠢᠭ ᠢ ᠬᠥᠭᠵᠢᠭᠡᠭᠰᠡᠨ ᠲᠡᠦᠬᠡ ᠨᠦᠭᠦᠳ ᠢ ᠨᠠᠷᠢᠨ ᠬᠢᠨᠠᠮᠠᠭᠠᠢ 

ᠰᠣᠨᠤᠰᠬᠤ ᠪᠠᠷ ᠳᠠᠮᠵᠢᠨ᠂ ᠳᠤᠮᠳᠠᠳᠤ ᠶᠢᠨ ᠬᠥᠪᠡᠭᠦᠳ ᠥᠬᠢᠳ ᠤᠨ ︽ ᠦᠨᠳᠦᠰᠦᠲᠡᠨ ᠨᠦᠭᠦᠳ ᠨᠢᠭᠡᠨ ᠭᠡᠷ ᠮᠡᠲᠦ ᠲᠣᠳᠤᠨᠤ ᠪᠥᠯᠬᠦᠮᠳᠡᠵᠦ᠂ ᠠᠭᠤᠤ ᠶᠡᠭᠡ

ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ︾᠎ ᠪᠠᠷ ᠬᠦᠴᠢᠷ ᠪᠡᠷᠬᠡᠰᠢᠶᠡᠯ ᠂ ᠰᠠᠯᠬᠢ ᠪᠣᠷᠣᠭᠠᠨ ᠢ ᠲᠤᠭᠤᠯᠤᠭᠰᠠᠨ ᠥᠩᠭᠡᠷᠡᠯᠲᠡ ᠶᠢ ᠪᠡᠶᠡᠴᠢᠯᠡᠨ

ᠣᠶᠢᠯᠠᠭᠠᠵᠤ ᠂ ︽ ᠦᠨᠳᠦᠰᠦᠲᠡᠨ ᠨᠦᠭᠦᠳ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠬᠤ ᠂ ᠠᠯᠳᠠᠷ ᠢᠴᠢᠭᠦᠷᠢ ᠪᠠᠨ ᠬᠠᠮᠲᠤᠳᠬᠠᠬᠤ ᠂ ᠥᠬᠦᠵᠦ ᠰᠡᠬᠡᠬᠦ ᠪᠠᠨ 

ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠮᠥᠨ ︾ ᠭᠡᠳᠡᠭ ᠤᠨ ᠭᠦᠨ ᠭᠦᠨᠵᠡᠭᠡᠢ ᠠᠭᠤᠯᠤᠭᠳᠠᠬᠤᠨ ᠢ ᠨᠡᠩ ᠣᠶᠢᠯᠠᠭᠠᠪᠠ ᠃

ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ︽ ᠨᠠᠮ ᠤᠨ ᠪᠠᠶᠢᠭᠤᠯᠤᠯᠲᠠ ᠪᠠᠷ ᠠᠵᠢᠯᠴᠢᠨ ᠤ ᠡᠪᠯᠡᠯ ᠤᠨ ᠪᠠᠶᠢᠭᠤᠯᠤᠯᠲᠠ ᠶᠢ ᠳᠠᠭᠠᠭᠤᠯᠤᠨ ᠭᠠᠶᠢᠯᠢ ᠶᠢᠨ

ᠶᠠᠪᠤᠳᠠᠯ ᠳᠤ ᠵᠥᠪ ᠡᠨᠧᠷᠭᠢ ᠣᠯᠭᠤᠬᠤ︾ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠬᠢᠵᠦ᠂ ᠬᠤᠲᠠ ᠶᠢᠨ ᠠᠵᠢᠯᠴᠢᠨ ᠤ ᠡᠪᠯᠡᠯ ᠤᠨ ᠤᠳᠤᠷᠢᠳᠤᠯᠭ᠎ᠠ

ᠶᠤᠸᠠᠨ ᠪᠦᠦ ᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠵᠢᠯᠴᠢᠨ ᠤ ᠡᠪᠯᠡᠯ ᠲᠠᠢ ᠦᠵᠡᠯ ᠰᠠᠨᠠᠭ᠎ᠠ ᠪᠠᠨ ᠰᠣᠯᠢᠯᠴᠠᠵᠤ᠂ ᠠᠵᠢᠯᠴᠢᠨ ᠤ

ᠡᠪᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠰᠠᠶᠢᠨ ᠰᠠᠭᠤᠷᠢ ᠲᠠᠯᠪᠢᠵᠤ ᠥᠭᠪᠡ᠃

ᠲᠣᠰ ᠤᠳᠠᠭᠠᠨ ᠤ ᠠᠵᠢᠯᠯᠠᠭ᠎ᠠ ᠨᠢ ᠬᠤᠲᠠ᠂ ᠲᠣᠭᠤᠷᠢᠭ ᠤᠨ ᠠᠵᠢᠯᠴᠢᠨ ᠤ ᠡᠪᠯᠡᠯ ᠤᠨ ᠰᠢᠰᠲ᠋ᠧᠮ ᠤᠨ ᠪᠥᠬᠦ ᠨᠠᠮ ᠤᠨ ᠭᠡᠰᠢᠭᠦᠳ ᠤᠨ ᠨᠠᠮ ᠪᠠ ᠤᠯᠤᠰ ᠤᠨ

ᠦᠨᠳᠦᠰᠦᠲᠡᠨ ᠤ ᠲᠥᠷᠥ ᠶᠢᠨ ᠪᠣᠳᠣᠯᠭ᠎ᠠ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂

ᠠᠵᠢᠯᠴᠢᠨ ᠤ ᠡᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ

ᠰᠢᠵᠢᠮ ᠢ ᠠᠵᠢᠯᠴᠢᠨ ᠤ ᠡᠪᠯᠡᠯ ᠤᠨ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢ ᠬᠥᠭᠵᠢᠭᠡᠵᠦ᠂

ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ ᠬᠥᠲᠥᠯᠥᠨ ᠵᠢᠯᠤᠭᠤᠳᠴᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠦᠴᠦᠨ ᠴᠢᠳᠠᠯ 

ᠨᠡᠮᠡᠷᠢᠯᠡᠭᠦᠯᠪᠡ᠃

 

ᠢᠷᠡᠯᠲᠡ᠄ ᠶᠤᠸᠠᠨ ᠪᠣᠣ ᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ