| ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠤᠯᠠᠭᠠᠨᠬᠠᠳᠠ ᠬᠤᠲᠠ ᠶᠢᠨ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠳᠣᠷᠣᠭᠰᠢ ︽ᠲᠥᠰᠥᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠦᠬᠦᠢ ᠨᠢᠭᠡᠴᠡ ᠪᠠ ᠨᠡᠶᠢᠭᠡᠮ ᠨᠡᠶᠢᠲᠡ ᠶᠢᠨ ︽ᠲᠥᠰᠥᠯ︾ | ᠤᠨ ᠪᠣᠳᠠᠲᠠᠢ ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ︽ᠲᠥᠰᠥᠯ︾ ᠤᠨ | ᠬᠠᠮᠢᠶ᠎ᠠ ᠪᠦᠬᠦᠢ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠤᠯᠠᠭᠠᠨᠬᠠᠳᠠ ᠬᠤᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ ᠪᠠ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ | ᠠᠷᠭᠠᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ ᠭᠡᠨᠡᠳᠲᠡ ᠶᠢᠨ ᠬᠡᠷᠡᠭ ᠢ | ᠠᠷᠭᠠᠴᠠᠬᠤ ᠵᠣᠬᠢᠶᠠᠨ ᠪᠠᠶᠢᠭᠤᠯᠵᠤ ᠵᠢᠯᠤᠭᠤᠳᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ | ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠵᠢᠯᠣᠭᠤᠳᠤᠨ ᠲᠣᠬᠢᠷᠠᠭᠤᠯᠬᠤ ᠠᠵᠢᠯ ᠤᠨ | ᠲᠦᠷᠭᠡᠨ᠂ ᠥᠨᠳᠥᠷ ᠪᠦᠲᠦᠮᠵᠢᠲᠡᠶ᠂ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠪᠥᠬᠦ ᠬᠤᠲᠠ ᠶᠢᠨ ᠭᠡᠨᠡᠳᠲᠡ ᠶᠢᠨ | ᠪᠠᠶᠢᠳᠠᠯ ᠳᠣᠣᠷᠠᠬᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠ ᠴᠢᠮᠡᠭᠡ ᠬᠤᠯᠪᠣᠭ᠎ᠠ ᠶᠢ | ᠰᠡᠷᠭᠦᠭᠡᠬᠦ ᠠᠵᠢᠯ ᠤᠨ ᠬᠡᠷᠡᠭᠴᠡᠭᠡ ᠶᠢ ᠬᠠᠩᠭᠠᠵᠤ᠂ ᠴᠢᠮᠡᠭᠡ ᠬᠤᠯᠪᠣᠭᠠᠨ ᠤ ᠰᠦᠯᠵᠢᠶᠡᠨ ᠤ ᠠᠮᠤᠷ ᠲᠦᠪᠰᠢᠨ ᠤ ᠰᠠᠭᠠᠳ | ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠬᠤᠲᠠ ᠶᠢᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠠᠯᠪᠠᠨ ᠭᠡᠷ ᠲᠠᠢ ᠬᠠᠮᠲᠤᠷᠠᠨ ︽ᠤᠯᠠᠭᠠᠨᠬᠠᠳᠠ ᠬᠤᠲᠠ ᠶᠢᠨ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠲᠤᠭᠤᠷᠪᠢᠵᠤ᠂ ᠬᠤᠲᠠ ᠶᠢᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ | ᠬᠤᠶᠠᠷ᠂ ᠭᠦᠢᠴᠡᠳᠬᠡᠬᠦ ᠬᠤᠭᠤᠴᠠᠭ᠎ᠠ | ︽ᠪᠡᠯᠡᠳᠬᠡᠯ ᠲᠥᠰᠥᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠭᠤᠷᠪᠠ᠂ ᠭᠤᠣᠯ ᠠᠭᠤᠯᠭ᠎ᠠ | ︽ᠪᠡᠯᠡᠳᠬᠡᠯ ᠲᠥᠰᠥᠯ︾ ᠳᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠬᠢᠭᠡᠳ | ᠲᠤᠰᠢᠶᠠᠯ ᠬᠠᠷᠢᠭᠤᠴᠠᠯᠭ᠎ᠠ᠂ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠬᠤ ᠳᠤ ᠬᠠᠷᠢᠭᠤ ᠥᠭᠬᠦ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ᠂ ᠪᠠᠲᠤᠯᠠᠬᠤ ᠠᠷᠭ᠎ᠠ ᠬᠡᠮᠵᠢᠶ᠎ᠡ᠂ | ᠳᠠᠭᠠᠯᠳᠤᠭᠤᠯᠤᠭᠰᠠᠨ ᠳᠦᠷᠢᠮ ᠵᠡᠷᠭᠡ 7 ᠬᠡᠰᠡᠭ ᠪᠠᠭᠲᠠᠨ᠎ᠠ᠃ | ᠨᠢᠭᠡᠳᠦᠭᠡᠷ ᠬᠡᠰᠡᠭ᠄ ᠶᠡᠷᠦᠩᠬᠡᠢ ᠳᠦᠷᠢᠮ ᠳᠤ ᠣᠷᠣᠨ ᠲᠤᠭ᠎ᠠ ᠶᠢᠨ ᠵᠣᠷᠢᠯᠭ᠎ᠠ᠂ ᠣᠷᠣᠨ ᠲᠤᠭ᠎ᠠ ᠶᠢᠨ ᠦᠨᠳᠦᠰᠦᠯᠡᠯ᠂ | ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠪᠠ ᠪᠡᠯᠡᠳᠬᠡᠯ ᠲᠥᠰᠥᠯ ᠤᠨ ᠰᠢᠰᠲ᠋ᠧᠮᠵᠢ ᠶᠢ ᠲᠣᠳᠣᠷᠬᠠᠶᠢᠯᠠᠪᠠ᠃ | ᠬᠤᠶᠠᠳᠤᠭᠠᠷ ᠬᠡᠰᠡᠭ᠄ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠳᠤ᠂ ᠬᠤᠲᠠ ᠶᠢᠨ ᠱᠠᠲᠤᠨ ᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ ᠵᠣᠬᠢᠶᠠᠨ ᠪᠠᠶᠢᠭᠤᠯᠵᠤ ᠵᠢᠯᠤᠭᠤᠳᠬᠤ | ᠪᠠᠶᠢᠭᠤᠯᠤᠮᠵᠢ ᠶᠢᠨ ᠪᠦᠷᠢᠯᠳᠦᠯ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ᠄ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠳᠤ᠂ ᠮᠡᠳᠡᠭᠡ ᠵᠠᠩᠭᠢ ᠶᠢᠨ | ᠮᠡᠳᠡᠭᠦᠯᠦᠯᠲᠡ ᠶᠢᠨ ᠲᠠᠰ ᠳᠠᠷᠠᠭᠠᠯᠠᠯ ᠵᠢᠴᠢ ᠠᠭᠤᠯᠭ᠎ᠠ ᠶᠢ ᠵᠢᠷᠤᠮᠵᠢᠭᠤᠯᠪᠠ᠂ ᠡᠭᠦᠨ ᠳᠤ ᠤᠷᠢᠳᠴᠢᠯᠠᠨ ᠰᠡᠷᠭᠡᠶᠢᠯᠡᠬᠦ | ᠲᠣᠭᠲᠠᠴᠠ᠂ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ | ᠤᠷᠢᠳᠴᠢᠯᠠᠨ ᠰᠡᠷᠡᠮᠵᠢᠯᠡᠭᠦᠯᠵᠦ ᠵᠠᠷᠯᠠᠨ ᠮᠡᠳᠡᠭᠳᠡᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠵᠡᠷᠭᠡ ᠠᠭᠤᠯᠭ᠎ᠠ | ᠪᠠᠭᠲᠠᠨ᠎ᠠ᠃ | ᠳᠥᠷᠪᠡᠳᠦᠭᠡᠷ ᠬᠡᠰᠡᠭ᠄ ᠪᠠᠴᠢᠮ ᠪᠠᠶᠢᠳᠠᠯ ᠢ ᠠᠷᠭᠠᠴᠠᠬᠤ ᠳᠤ ᠠᠳᠠᠯᠢ ᠪᠤᠰᠤ ᠲᠠᠰ ᠳᠠᠪᠬᠤᠷᠭ᠎ᠠ ᠶᠢᠨ ᠭᠡᠨᠡᠳᠲᠡ ᠶᠢᠨ | ᠣᠷᠴᠢᠨ ᠠᠬᠤᠢ ᠶᠢᠨ ᠬᠡᠷᠡᠭ ᠤᠨ ᠠᠷᠭᠠᠴᠠᠬᠤ ᠭᠤᠣᠯ ᠴᠣᠭᠴᠠ ᠵᠢᠴᠢ ᠰᠢᠢᠳᠪᠦᠷᠢᠯᠡᠬᠦ ᠠᠵᠢᠯᠯᠠᠭ᠎ᠠ ᠶᠢ ᠨᠠᠷᠢᠯᠢᠭᠵᠢᠭᠤᠯᠪᠠ᠃ | | ᠲᠠᠪᠤᠳᠤᠭᠠᠷ ᠬᠡᠰᠡᠭ᠄ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠳᠤ᠂ ᠪᠠᠴᠢᠮ ᠪᠠᠶᠢᠳᠠᠯ ᠢ ᠠᠷᠭᠠᠴᠠᠬᠤ ᠳᠤ | ᠬᠠᠷᠠᠭᠤᠯᠵᠤ ᠬᠢᠬᠦ ᠠᠵᠢᠯ ᠳᠠᠭᠤᠰᠤᠭᠰᠠᠨ ᠤ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ᠂ ᠪᠠᠶᠢᠭᠤᠯᠬᠤ ᠪᠠ | ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠬᠦ ᠶᠢ ᠴᠠᠭ ᠲᠤᠬᠠᠢ ᠳᠤᠨᠢ ᠦᠷᠨᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | | ᠵᠢᠷᠭᠤᠳᠤᠭᠠᠷ ᠬᠡᠰᠡᠭ᠄ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠳᠡᠮᠵᠢᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | ᠳᠣᠯᠣᠳᠤᠭᠠᠷ ᠬᠡᠰᠡᠭ᠄ ᠳᠠᠭᠠᠯᠳᠤᠭᠤᠯᠤᠭᠰᠠᠨ ᠳᠦᠷᠢᠮ᠂ ᠪᠡᠯᠡᠳᠬᠡᠯ ᠲᠥᠰᠥᠯ ᠤᠨ ᠬᠠᠮᠢᠶᠠᠷᠤᠯᠲᠠ ᠪᠠ ᠬᠡᠷᠡᠭᠵᠢᠭᠦᠯᠬᠦ | ᠴᠠᠭ ᠬᠤᠭᠤᠴᠠᠭ᠎ᠠ ᠶᠢ ᠲᠣᠳᠣᠷᠬᠠᠶᠢᠯᠠᠪᠠ᠃ | ᠳᠥᠷᠪᠡ᠂ ᠭᠤᠣᠯ ᠣᠨᠴᠠᠯᠢᠭ | ᠲᠣᠰ ︽ᠪᠡᠯᠡᠳᠬᠡᠯ ᠲᠥᠰᠥᠯ︾ ᠨᠢ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠳᠤ | ᠬᠠᠷᠢᠶᠠᠯᠠᠭᠳᠠᠵᠤ᠂ ᠮᠠᠨ ᠤ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ | ᠲᠥᠰᠥᠯ ᠤᠨ ᠰᠢᠰᠲ᠋ᠧᠮᠵᠢ ᠶᠢᠨ ᠪᠦᠷᠢᠯᠳᠦᠭᠦᠨ ᠬᠡᠰᠡᠭ ᠪᠠᠶᠢᠵᠤ᠂ ᠭᠤᠣᠯᠳᠠᠭᠤ ᠣᠷᠴᠢᠨ ᠲᠣᠭᠤᠷᠢᠨ ᠤ ᠭᠡᠨᠡᠳᠲᠡ ᠶᠢᠨ | ᠬᠡᠷᠡᠭ ᠢ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠴᠠ᠂ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠱᠠᠭᠠᠷᠳᠠᠯᠭ᠎ᠠ᠂ | ᠱᠠᠲᠤ ᠬᠤᠪᠢᠶᠠᠨ ᠳᠠᠭᠠᠬᠤ ᠵᠢᠴᠢ ᠳᠠᠭᠠᠬᠤ ᠠᠵᠢᠯᠯᠠᠭ᠎ᠠ᠂ ᠡᠩᠨᠡᠭᠡ ᠶᠢᠨ ᠡᠳ᠋ ᠪᠣᠳᠠᠰ ᠤᠨ ᠪᠠᠲᠤᠯᠠᠭ᠎ᠠ ᠵᠢᠴᠢ ᠰᠢᠯᠵᠢᠭᠦᠯᠬᠦ | ᠲᠠᠰ ᠳᠠᠷᠠᠭᠠᠯᠠᠯ ᠵᠢᠴᠢ ᠬᠡᠷᠡᠭ ᠭᠠᠷᠤᠭᠰᠠᠨ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ | ᠬᠠᠷᠢᠭᠤᠴᠠᠯᠭ᠎ᠠ ᠵᠡᠷᠭᠡ ᠶᠢ ᠭᠤᠣᠯᠴᠢᠯᠠᠨ ᠲᠣᠳᠣᠷᠬᠠᠶᠢᠯᠠᠪᠠ ᠃ | | | |