︽ᠤᠯᠠᠭᠠᠨᠬᠠᠳᠠ ᠬᠤᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/20
︽ᠤᠯᠠᠭᠠᠨᠬᠠᠳᠠ ᠬᠤᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠤᠯᠠᠭᠠᠨᠬᠠᠳᠠ ᠬᠤᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠦᠬᠦᠢ ᠨᠢᠭᠡᠴᠡ ᠪᠠ ᠨᠡᠶᠢᠭᠡᠮ ᠨᠡᠶᠢᠲᠡ ᠶᠢᠨ ︽ᠲᠥᠰᠥᠯ︾ ᠤᠨ ᠪᠣᠳᠠᠲᠠᠢ ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ︽ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ᠃ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠤᠯᠠᠭᠠᠨᠬᠠᠳᠠ ᠬᠤᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ ᠪᠠ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ ᠭᠡᠨᠡᠳᠲᠡ ᠶᠢᠨ ᠬᠡᠷᠡᠭ ᠢ ᠠᠷᠭᠠᠴᠠᠬᠤ ᠵᠣᠬᠢᠶᠠᠨ ᠪᠠᠶᠢᠭᠤᠯᠵᠤ ᠵᠢᠯᠤᠭᠤᠳᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠵᠢᠯᠣᠭᠤᠳᠤᠨ ᠲᠣᠬᠢᠷᠠᠭᠤᠯᠬᠤ ᠠᠵᠢᠯ ᠤᠨ ᠲᠦᠷᠭᠡᠨ᠂ ᠥᠨᠳᠥᠷ ᠪᠦᠲᠦᠮᠵᠢᠲᠡᠶ᠂ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠪᠥᠬᠦ ᠬᠤᠲᠠ ᠶᠢᠨ ᠭᠡᠨᠡᠳᠲᠡ ᠶᠢᠨ ᠪᠠᠶᠢᠳᠠᠯ ᠳᠣᠣᠷᠠᠬᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠ ᠴᠢᠮᠡᠭᠡ ᠬᠤᠯᠪᠣᠭ᠎ᠠ ᠶᠢ ᠰᠡᠷᠭᠦᠭᠡᠬᠦ ᠠᠵᠢᠯ ᠤᠨ ᠬᠡᠷᠡᠭᠴᠡᠭᠡ ᠶᠢ ᠬᠠᠩᠭᠠᠵᠤ᠂ ᠴᠢᠮᠡᠭᠡ ᠬᠤᠯᠪᠣᠭᠠᠨ ᠤ ᠰᠦᠯᠵᠢᠶᠡᠨ ᠤ ᠠᠮᠤᠷ ᠲᠦᠪᠰᠢᠨ ᠤ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠤᠲᠠ ᠶᠢᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠠᠯᠪᠠᠨ ᠭᠡᠷ ᠲᠠᠢ ᠬᠠᠮᠲᠤᠷᠠᠨ ︽ᠤᠯᠠᠭᠠᠨᠬᠠᠳᠠ ᠬᠤᠲᠠ ᠶᠢᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠲᠤᠭᠤᠷᠪᠢᠵᠤ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ᠬᠤᠶᠠᠷ᠂ ᠭᠦᠢᠴᠡᠳᠬᠡᠬᠦ ᠬᠤᠭᠤᠴᠠᠭ᠎ᠠ     ︽ᠪᠡᠯᠡᠳᠬᠡᠯ ᠲᠥᠰᠥᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠭᠤᠷᠪᠠ᠂ ᠭᠤᠣᠯ ᠠᠭᠤᠯᠭ᠎ᠠ     ︽ᠪᠡᠯᠡᠳᠬᠡᠯ ᠲᠥᠰᠥᠯ︾ ᠳᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠬᠢᠭᠡᠳ ᠲᠤᠰᠢᠶᠠᠯ ᠬᠠᠷᠢᠭᠤᠴᠠᠯᠭ᠎ᠠ᠂ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠳᠤ ᠬᠠᠷᠢᠭᠤ ᠥᠭᠬᠦ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ᠂ ᠪᠠᠲᠤᠯᠠᠬᠤ ᠠᠷᠭ᠎ᠠ ᠬᠡᠮᠵᠢᠶ᠎ᠡ᠂ ᠳᠠᠭᠠᠯᠳᠤᠭᠤᠯᠤᠭᠰᠠᠨ ᠳᠦᠷᠢᠮ ᠵᠡᠷᠭᠡ 7 ᠬᠡᠰᠡᠭ ᠪᠠᠭᠲᠠᠨ᠎ᠠ᠃     ᠨᠢᠭᠡᠳᠦᠭᠡᠷ ᠬᠡᠰᠡᠭ᠄ ᠶᠡᠷᠦᠩᠬᠡᠢ ᠳᠦᠷᠢᠮ ᠳᠤ ᠣᠷᠣᠨ ᠲᠤᠭ᠎ᠠ ᠶᠢᠨ ᠵᠣᠷᠢᠯᠭ᠎ᠠ᠂ ᠣᠷᠣᠨ ᠲᠤᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠪᠠ ᠪᠡᠯᠡᠳᠬᠡᠯ ᠲᠥᠰᠥᠯ ᠤᠨ ᠰᠢᠰᠲ᠋ᠧᠮᠵᠢ ᠶᠢ ᠲᠣᠳᠣᠷᠬᠠᠶᠢᠯᠠᠪᠠ᠃     ᠬᠤᠶᠠᠳᠤᠭᠠᠷ ᠬᠡᠰᠡᠭ᠄ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠳᠤ᠂ ᠬᠤᠲᠠ ᠶᠢᠨ ᠱᠠᠲᠤᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ ᠶᠢᠨ ᠪᠦᠷᠢᠯᠳᠦᠯ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃     ᠭᠤᠷᠪᠠᠳᠤᠭᠠᠷ ᠬᠡᠰᠡᠭ᠄ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠳᠤ᠂ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠲᠠᠰ ᠳᠠᠷᠠᠭᠠᠯᠠᠯ ᠵᠢᠴᠢ ᠠᠭᠤᠯᠭ᠎ᠠ ᠶᠢ ᠵᠢᠷᠤᠮᠵᠢᠭᠤᠯᠪᠠ᠂ ᠡᠭᠦᠨ ᠳᠤ ᠤᠷᠢᠳᠴᠢᠯᠠᠨ ᠰᠡᠷᠭᠡᠶᠢᠯᠡᠬᠦ ᠲᠣᠭᠲᠠᠴᠠ᠂ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠵᠦ ᠵᠠᠷᠯᠠᠨ ᠮᠡᠳᠡᠭᠳᠡᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠵᠡᠷᠭᠡ ᠠᠭᠤᠯᠭ᠎ᠠ ᠪᠠᠭᠲᠠᠨ᠎ᠠ᠃     ᠳᠥᠷᠪᠡᠳᠦᠭᠡᠷ ᠬᠡᠰᠡᠭ᠄ ᠪᠠᠴᠢᠮ ᠪᠠᠶᠢᠳᠠᠯ ᠢ ᠠᠷᠭᠠᠴᠠᠬᠤ ᠳᠤ ᠠᠳᠠᠯᠢ ᠪᠤᠰᠤ ᠲᠠᠰ ᠳᠠᠪᠬᠤᠷᠭ᠎ᠠ ᠶᠢᠨ ᠭᠡᠨᠡᠳᠲᠡ ᠶᠢᠨ ᠣᠷᠴᠢᠨ ᠠᠬᠤᠢ ᠶᠢᠨ ᠬᠡᠷᠡᠭ ᠤᠨ ᠠᠷᠭᠠᠴᠠᠬᠤ ᠭᠤᠣᠯ ᠴᠣᠭᠴᠠ ᠵᠢᠴᠢ ᠰᠢᠢᠳᠪᠦᠷᠢᠯᠡᠬᠦ ᠠᠵᠢᠯᠯᠠᠭ᠎ᠠ ᠶᠢ ᠨᠠᠷᠢᠯᠢᠭᠵᠢᠭᠤᠯᠪᠠ᠃    ᠲᠠᠪᠤᠳᠤᠭᠠᠷ ᠬᠡᠰᠡᠭ᠄ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠳᠤ᠂ ᠪᠠᠴᠢᠮ ᠪᠠᠶᠢᠳᠠᠯ ᠢ ᠠᠷᠭᠠᠴᠠᠬᠤ ᠳᠤ ᠬᠠᠷᠠᠭᠤᠯᠵᠤ ᠬᠢᠬᠦ ᠠᠵᠢᠯ ᠳᠠᠭᠤᠰᠤᠭᠰᠠᠨ ᠤ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ᠂ ᠪᠠᠶᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠬᠦ ᠶᠢ ᠴᠠᠭ ᠲᠤᠬᠠᠢ ᠳᠤᠨᠢ ᠦᠷᠨᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃     ᠵᠢᠷᠭᠤᠳᠤᠭᠠᠷ ᠬᠡᠰᠡᠭ᠄ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠳᠡᠮᠵᠢᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃     ᠳᠣᠯᠣᠳᠤᠭᠠᠷ ᠬᠡᠰᠡᠭ᠄ ᠳᠠᠭᠠᠯᠳᠤᠭᠤᠯᠤᠭᠰᠠᠨ ᠳᠦᠷᠢᠮ᠂ ᠪᠡᠯᠡᠳᠬᠡᠯ ᠲᠥᠰᠥᠯ ᠤᠨ ᠬᠠᠮᠢᠶᠠᠷᠤᠯᠲᠠ ᠪᠠ ᠬᠡᠷᠡᠭᠵᠢᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠪᠠ ᠳᠥᠷᠪᠡ᠂ ᠭᠤᠣᠯ ᠣᠨᠴᠠᠯᠢᠭ     ᠲᠣᠰ ︽ᠪᠡᠯᠡᠳᠬᠡᠯ ᠲᠥᠰᠥᠯ︾ ᠨᠢ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠳᠤ ᠬᠠᠷᠢᠶᠠᠯᠠᠭᠳᠠᠵᠤ᠂ ᠮᠠᠨ ᠤ ᠬᠤᠲᠠ  ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ᠤᠨ ᠰᠢᠰᠲ᠋ᠧᠮᠵᠢ ᠶᠢᠨ ᠪᠦᠷᠢᠯᠳᠦᠭᠦᠨ ᠬᠡᠰᠡᠭ ᠪᠠᠶᠢᠵᠤ᠂ ᠭᠤᠣᠯᠳᠠᠭᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠴᠠ᠂ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠱᠠᠭᠠᠷᠳᠠᠯᠭ᠎ᠠ᠂ ᠱᠠᠲᠤ ᠬᠤᠪᠢᠶᠠᠨ ᠳᠠᠭᠠᠬᠤ ᠵᠢᠴᠢ ᠳᠠᠭᠠᠬᠤ ᠠᠵᠢᠯᠯᠠᠭ᠎ᠠ᠂ ᠡᠩᠨᠡᠭᠡ ᠶᠢᠨ ᠡᠳ᠋ ᠪᠣᠳᠠᠰ ᠤᠨ ᠪᠠᠲᠤᠯᠠᠭ᠎ᠠ ᠵᠢᠴᠢ ᠰᠢᠯᠵᠢᠭᠦᠯᠬᠦ ᠲᠠᠰ ᠳᠠᠷᠠᠭᠠᠯᠠᠯ ᠵᠢᠴᠢ ᠬᠡᠷᠡᠭ ᠭᠠᠷᠤᠭᠰᠠᠨ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠵᠡᠷᠭᠡ ᠶᠢ ᠭᠤᠣᠯᠴᠢᠯᠠᠨ  ᠲᠣᠳᠣᠷᠬᠠᠶᠢᠯᠠᠪᠠ ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ