ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/21
     ᠯᠤᠸᠠᠨ ᠲᠢᠶᠠᠨ ᠮᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ      3 ᠰᠠᠷ᠎ᠠ ᠶᠢᠨ 19 ᠤ ᠡᠳᠦᠷ᠂ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠢ ᠵᠠᠷᠯᠠᠨ ᠮᠡᠳᠡᠭᠳᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠯᠤᠸᠠᠨ ᠲᠢᠶᠠᠨ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠲᠢᠶᠠᠨ ᠴᠧᠨ ᠭᠤᠸᠠᠩ ᠬᠤᠷᠠᠯ ᠡᠷᠭᠢᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠪᠦᠬᠦ ᠬᠤᠳᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠡᠯᠪᠡᠷᠢ ᠶᠢᠨ ᠲᠡᠳᠦᠢ ᠥᠩᠭᠡᠷᠡᠭᠦᠯᠬᠦ ᠦᠭᠡᠢ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ᠂ ᠲᠥᠰᠥᠯ ᠳᠠᠬᠢ 10 ᠶᠡᠭᠡ ᠠᠵᠢᠯᠯᠠᠭ᠎ᠠ᠂ 26 ᠵᠦᠢᠯ ᠤᠨ ᠪᠣᠳᠠᠲᠠᠢ ᠡᠭᠦᠷᠭᠡ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠪᠡᠶᠡᠯᠡᠭᠦᠯᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠴᠡᠭᠴᠡᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ᠂ ᠠᠵᠢᠯᠲᠠᠨ ᠤ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ᠂ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠥᠬᠦ ᠣᠷᠣᠨ ᠪᠦᠰᠡ᠂ ᠡᠯ᠎ᠡ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠢᠨᠠᠨ ᠰᠢᠯᠭᠠᠵᠤ ᠵᠢᠯᠤᠭᠤᠳᠬᠤ ᠶᠢ ᠴᠢᠩᠭᠠᠳᠬᠠᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃     ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠶᠠᠩ ᠮᠦ᠂ ᠬᠤᠳᠠ ᠶᠢᠨ ᠵᠠᠰᠠᠭ ᠤᠨ ᠣᠷᠳᠣᠨ  ᠤ ᠨᠠᠷᠢᠨ ᠪᠢᠴᠢᠭ ᠤᠨ ᠳᠠᠷᠤᠭ᠎ᠠ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠰᠢᠦᠢ ᠯᠢ ᠵᠢᠶᠦ᠋ᠨ ᠬᠤᠷᠠᠯ ᠳᠤ ᠣᠷᠣᠯᠴᠠᠪᠠ᠃    ᠬᠤᠷᠠᠯ ᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠲᠤ ᠬᠤᠷᠠᠯᠳᠤᠭᠤᠯᠪᠠ᠃ ᠬᠤᠳᠠ ᠶᠢᠨ ᠠᠶᠤᠯᠭᠦᠢ ᠦᠢᠯᠡᠳᠪᠦᠷᠢᠯᠡᠯ  ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠤᠨ ᠭᠤᠣᠯ ᠲᠠᠯᠠᠪᠠᠢ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ