| 3 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠸᠠᠨ ᠴᠤᠸ ᠴᠢ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠡᠯ᠎ᠡ ᠲᠤᠰᠬᠠᠢ ᠳᠤᠭᠤᠶᠢᠯᠠᠩ ᠤᠨ 2024 ᠣᠨ ᠤ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠵᠦᠢᠯᠡᠰ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ᠂ ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠬᠥᠭᠵᠢᠯᠲᠡ ᠲᠣᠭᠲᠠᠭᠤᠨ ᠤ ᠪᠣᠳᠠᠲᠤ ᠪᠠᠶᠢᠳᠠᠯ ᠠᠴᠠ ᠡᠭᠦᠰᠴᠦ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠵᠤ᠂ ᠲᠣᠭᠲᠠᠴᠠ ᠶᠢ ᠪᠠᠶᠢᠭᠤᠯᠵᠤ᠂ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠪᠤᠷᠤᠭᠤ ᠪᠠᠨ ᠵᠠᠯᠠᠷᠠᠭᠤᠯᠬᠤ ᠨᠢ ᠮᠦᠨ ᠥᠭᠡᠷᠡᠴᠢᠯᠡᠯᠲᠡ ᠪᠣᠯᠤᠨ᠎ᠠ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠰᠢᠰᠲ᠋ᠧᠮ ᠲᠠᠢ ᠪᠠᠷ ᠡᠮᠬᠢᠯᠡᠨ ᠳᠢᠭᠯᠡᠵᠦ᠂ ᠪᠣᠳᠠᠲᠠᠢ ᠶᠢ ᠡᠷᠬᠢᠮᠯᠡᠨ ᠦᠨᠡᠨᠬᠦ | ᠠᠰᠢᠭᠲᠠᠢ᠂ ᠰᠢᠨ᠎ᠡ ᠶᠢ ᠰᠦᠪᠡᠭᠴᠢᠯᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ︽ᠪᠣᠳᠠᠲᠠᠢ︾ ᠪᠠᠶᠢᠬᠤ ᠱᠠᠭᠠᠷᠳᠠᠯᠭ᠎ᠠ ᠶᠢ | ᠥᠭᠡᠷᠡᠴᠢᠯᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠶᠠᠭᠤ ᠶᠢ ᠥᠭᠡᠷᠡᠴᠢᠯᠡᠬᠦ᠂ ᠶᠠᠭᠠᠬᠢᠵᠤ ᠥᠭᠡᠷᠡᠴᠢᠯᠡᠬᠦ ᠳᠤ ᠴᠥᠮ ᠪᠣᠳᠠᠲᠠᠢ ᠠᠴᠠ ᠡᠭᠦᠰᠴ᠊ ᠤ᠂ ︽ᠪᠠᠭ᠎ᠠ | ᠬᠡᠪᠴᠢᠶ᠎ᠡ︾ ᠠᠴᠠ ᠡᠬᠢᠯᠡᠨ ᠬᠢᠵᠦ᠂ ᠬᠡᠯᠪᠡᠷᠢ ᠶᠢ ᠡᠷᠬᠢᠮᠯᠡᠬᠦ ᠦᠭᠡᠢ᠂ ᠶᠣᠰᠣ ᠶᠢᠨ ᠲᠡᠳᠦᠢ ᠥᠩᠭᠡᠷᠡᠭᠦᠯᠬᠦ ᠦᠭᠡᠢ ᠪᠠᠶᠢᠵᠤ᠂ ᠤᠯᠠᠨ ᠲᠦᠮᠡᠨ ᠳᠤ | ᠥᠭᠡᠷᠡᠴᠢᠯᠡᠯᠲᠡ ᠠᠴᠠ ᠪᠣᠯᠤᠭᠰᠠᠨ ᠰᠢᠨ᠎ᠡ ᠬᠤᠪᠢᠷᠠᠯᠲᠠ᠂ ᠰᠢᠨ᠎ᠡ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠣᠯᠣᠯᠴᠠᠭ᠎ᠠ ᠬᠠᠮᠵᠢᠯᠴᠠᠭ᠎ᠠ ᠪᠠᠨ | ᠨᠢᠭᠲᠠᠷᠠᠭᠤᠯᠵᠤ᠂ ᠬᠠᠮᠲᠤ ᠶᠢᠨ ᠴᠢᠭᠯᠡᠯ ᠢᠶᠠᠷ ᠬᠦᠴᠦᠯᠡᠵᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠳᠠ ᠶᠢᠨ ᠤᠳᠤᠷᠢᠳᠤᠯᠭ᠎ᠠ ᠴᠢᠶᠣᠤ ᠰᠢᠤᠸᠠᠢ ᠹᠥ᠋ᠩ᠂ ᠴᠢᠶᠣᠤ ᠢᠦᠢ ᡂᠢ᠂ ᠮᠥᠩᠬᠡᠪᠠᠭᠠᠲᠤᠷ᠂ ᠮᠧᠩ ᠰᠢᠶᠣᠣ ᠪᠢᠩ᠂ ᠲᠢᠶᠠᠨ ᠴᠧᠨ ᠭᠤᠸᠠᠩ᠂ ᠬᠤᠤ | ᠬᠤᠢ ᠮᠢᠩ᠂ ᠪᠢᠶᠠᠨ ᠵᠦᠩ ᠶᠤᠸᠠᠢ᠂ ᠴᠢᠦ ᠸᠧᠨ ᠪᠥᠸᠧ ᠬᠤᠷᠠᠯ ᠳᠤ ᠣᠷᠣᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠵᠥᠪᠯᠡᠯ ᠤᠨ | ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | | | |