ᠸᠠᠨ ᠴᠤᠤ ᠴᠢ ᠪᠦᠯᠬᠦᠮ ᠳᠠᠭᠠᠭᠤᠯᠤᠨ ᠪᠡᠭᠡᠵᠢᠩ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠪᠣᠯᠣᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠠᠯᠵᠢᠶ᠎ᠠ ᠶᠢ ᠠᠬᠢᠭᠤᠯᠬᠤ ᠡᠪᠯᠡᠯ ᠢᠶᠠᠷ ᠲᠣᠭᠤᠷᠢᠨ ᠦᠵᠡᠵᠦ ᠮᠠᠨ ᠤ ᠬᠤᠳᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠ ᠪᠡᠭᠡᠵᠢᠩ ᠲᠢᠶᠠᠨᠵᠢᠨ ᠾᠧᠪᠧᠢ ᠳᠤ ᠠᠭᠤᠰᠤᠯᠴᠠᠨ ᠬᠠᠮᠵᠢᠯᠴᠠᠨ ᠬᠥᠭᠵᠢᠬᠦ ᠶᠠᠪᠤᠳᠠᠯ ᠢ ᠭᠦᠨᠵᠡᠭᠡᠢ ᠵᠣᠯᠭᠠᠭᠤᠯᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠸ ᠴᠢ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠪᠣᠯᠣᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠡᠪᠯᠡᠯ ᠢᠶᠠᠷ ᠬᠦᠷᠴᠦ᠂ ᠮᠠᠨ ᠤ ᠬᠤᠲᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠭᠡᠵᠢᠩ ᠬᠤᠲᠠ ᠶᠢᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠴᠢᠬᠤᠯᠠ ᠠᠵᠠ ᠲᠣᠬᠢᠶᠠᠯ ᠢ ᠤᠯᠠᠮ ᠨᠢᠭᠡ ᠠᠯᠬᠤᠮ ᠠᠳᠬᠤᠨ᠂ ᠪᠡᠭᠡᠵᠢᠩ ᠬᠤᠲᠠ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠵᠠᠯᠭᠠᠨ ᠠᠪᠴᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ ᠳᠤ ᠨᠠᠩ ᠰᠠᠶᠢᠲᠤᠷ ᠠᠭᠤᠰᠤᠯᠴᠠᠭᠤᠯᠤᠨ ᠭᠦᠨᠵᠡᠭᠡᠢ ᠵᠣᠯᠭᠠᠭᠤᠯᠪᠠ᠃    ᠪᠡᠭᠡᠵᠢᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠳᠤ᠂ ᠸᠠᠨ ᠴᠤᠤ ᠴᠢ ᠨᠠᠷ ᠲᠤᠰ ᠲᠤᠰ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠪᠡᠭᠡᠵᠢᠩ ᠲᠢᠶᠠᠨᠵᠢᠨ ᠾᠧᠪᠧᠢ ᠶᠢ ᠬᠠᠮᠵᠢᠯᠴᠠᠨ ᠬᠥᠭᠵᠢᠭᠦᠯᠬᠦ ᠠᠯᠪᠠᠨ ᠭᠡᠷ ᠤᠨ ᠡᠷᠬᠢᠯᠡᠭᠴᠢ ᠶᠠᠩ ᠰᠢᠸ ᠯᠢᠩ ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠎ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠠᠮᠵᠢᠯᠴᠠᠬᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᠪᠥᠸᠧ ᠵᠧᠩ᠂ ᠬᠤᠲᠠ ᠎ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠵᠧᠨ ᠶᠧ ᠪᠣᠯᠣᠨ ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠩ ᠠᠵᠤ ᠦᠢᠯᠡᠳᠪᠦᠷᠢ ᠶᠢᠨ ᠵᠥᠪᠯᠡᠯ ᠤᠨ ᠱᠦᠵᠢ᠂ ᠬᠤᠲᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶᠠᠨ ᠤ ᠲᠣᠪᠴᠢᠶᠠᠨ ᠳᠠᠷᠤᠭ᠎ᠠ ᠫᠧᠩ ᠯᠢ ᠹᠧᠩ᠂ ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠩ ᠠᠵᠤ ᠦᠢᠯᠡᠳᠪᠦᠷᠢ ᠶᠢᠨ ᠵᠥᠪᠯᠡᠯ ᠤᠨ ᠳᠡᠳ᠋ ᠱᠦᠵᠢ᠂ ᠬᠤᠲᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶᠠᠨ ᠤ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠣᠣ ᠵᠥᠩ ᠶᠠᠩ᠂ ᠬᠤᠲᠠ ᠎ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠣᠣ ᠯᠦᠩ  ᠨᠠᠷ ᠲᠠᠢ ᠬᠠᠮᠲᠤ  ᠠᠭᠤᠯᠵᠠᠵᠤ ᠰᠠᠨᠠᠯ ᠢᠶᠠᠨ ᠰᠣᠯᠢᠯᠴᠠᠪᠠ᠃ ᠲᠡᠷᠡ᠂ ᠤᠯᠠᠭᠠᠨᠬᠠᠳᠠ ᠬᠤᠲᠠ ᠣᠳᠣ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠎ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷᠡᠬᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠦᠬᠦ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠣᠷᠣᠨ ᠪᠠᠶᠢᠷᠢ᠂ ᠠᠵᠤ ᠦᠢᠯᠡᠰ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠭᠦᠨᠵᠡᠭᠡᠢ ᠰᠦᠪᠡᠭᠴᠢᠯᠡᠵᠦ᠂ ᠪᠡᠭᠡᠵᠢᠩ ᠬᠤᠳᠠ ᠶᠢᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠴᠢᠬᠤᠯᠠ ᠠᠵᠠ ᠲᠣᠬᠢᠶᠠᠯ ᠢ ᠡᠵᠡᠮᠳᠡᠵᠦ᠂ ᠪᠡᠭᠡᠵᠢᠩ ᠬᠤᠳᠠ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠴᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠳᠤ ᠨᠡᠩ ᠰᠠᠶᠢᠲᠤᠷ ᠠᠭᠤᠰᠤᠯᠴᠠᠬᠤ ᠶᠢᠨ ᠬᠠᠮᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠦᠷᠦᠯ ᠵᠦᠢᠯ ᠪᠣᠯᠣᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠬᠠᠮᠲᠤ ᠬᠤᠳᠠ ᠶᠢᠨ ᠱᠠᠲᠤᠨ ᠤ ᠳᠠᠪᠬᠤᠷᠭ᠎ᠠ ᠳᠤ ᠪᠡᠭᠡᠵᠢᠩ ᠬᠤᠳᠠ ᠶᠢᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠦᠨ᠎ᠡ᠃ ᠪᠡᠭᠡᠵᠢᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠠᠯᠪᠠᠨ ᠭᠡᠷ ᠪᠣᠯᠣᠨ ᠪᠡᠭᠡᠵᠢᠩ ᠬᠤᠲᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠣᠷᠣᠨ ᠪᠦᠰᠡ ᠶᠢᠨ ᠬᠠᠮᠲᠤᠷᠠᠯᠴᠠᠭ᠎ᠠ᠂ ᠬᠠᠮᠵᠢᠯᠴᠠᠨ ᠬᠥᠭᠵᠢᠬᠦ᠂ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠬᠤ ᠵᠡᠷᠭᠡ ᠴᠢᠬᠤᠯᠠ ᠠᠵᠢᠯ ᠢ ᠰᠦᠪᠡᠭᠴᠢᠯᠡᠬᠦ ᠦᠶ᠎ᠡ ᠳᠤ᠂ ᠤᠯᠠᠭᠠᠨᠬᠠᠳᠠ ᠬᠤᠲᠠ ᠶᠢᠨ ᠡᠯ᠎ᠡ ᠲᠠᠯ᠎ᠠ ᠶᠢᠨ ᠨᠥᠬᠦᠴᠡᠯ ᠢ ᠨᠠᠩ ᠭᠦᠢᠴᠡᠳ ᠪᠣᠳᠣᠯᠬᠢᠯᠠᠵᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠬᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢ ᠵᠠᠬ᠎ᠠ ᠳᠡᠯᠭᠡᠭᠦᠷᠴᠢᠯᠡᠬᠦ ᠶᠢ ᠠᠬᠢᠭᠤᠯᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠬᠠᠪᠰᠤᠷᠤᠨ ᠳᠡᠮᠵᠢᠬᠦ ᠶᠢ ᠬᠦᠰᠡᠵᠤ ᠪᠠᠶᠢᠨ᠎ᠠ ᠭᠡᠵᠦ ᠴᠢᠬᠤᠯᠠᠴᠢᠯᠠᠪᠠ᠃ ᠪᠡᠭᠡᠵᠢᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠶᠢᠨ ᠤᠳᠤᠷᠢᠳᠤᠯᠭ᠎ᠠ ᠣᠶᠢᠷ᠎ᠠ ᠶᠢᠨ ᠵᠢᠯ ᠤᠨ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠤᠯᠠᠭᠠᠨᠬᠠᠳᠠ ᠬᠤᠲᠠ ᠶᠢᠨ ᠬᠢᠨ ᠪᠡᠭᠡᠵᠢᠩ ᠤᠨ ᠨᠡᠶᠢᠰᠯᠡᠯ ᠤᠨ ᠪᠤᠰᠤ ᠴᠢᠳᠠᠪᠬᠢ ᠶᠢᠨ ᠲᠠᠷᠬᠠᠭᠠᠯᠲᠠ ᠶᠢ ᠬᠦᠯᠢᠶᠡᠨ ᠠᠪᠬᠤ᠂ ᠣᠷᠣᠨ ᠪᠦᠰᠡ ᠶᠢᠨ ᠬᠠᠮᠵᠢᠯᠴᠠᠭ᠎ᠠ ᠥᠷᠨᠢᠭᠦᠯᠬᠦ᠂ ᠬᠠᠮᠵᠢᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠨᠡᠯᠢᠶᠡᠳ ᠰᠠᠶᠢᠨ ᠰᠠᠭᠤᠷᠢ ᠲᠠᠢ ᠪᠠᠶᠢᠬᠤ ᠶᠢ ᠢᠯᠡᠷᠬᠡᠶᠢᠯᠡᠵᠦ᠂ ᠬᠤᠶᠠᠷ ᠭᠠᠵᠠᠷ ᠤᠨ ᠬᠠᠮᠲᠤᠷᠠᠯᠴᠠᠭ᠎ᠠ ᠰᠣᠯᠢᠯᠴᠠᠭ᠎ᠠ ᠲᠡᠦᠬᠡ ᠶᠢᠨ ᠦᠷ᠎ᠡ ᠪᠦᠲᠦᠮᠵᠢ ᠲᠠᠢ ᠠᠯᠤᠰ ᠢᠷᠡᠭᠡᠳᠦᠢ ᠲᠠᠢ᠂ ᠳᠠᠷᠠᠭᠠᠴᠢ ᠶᠢᠨ ᠠᠯᠬᠤᠮ ᠳᠤ ᠤᠯᠠᠭᠠᠨᠬᠠᠳᠠ ᠬᠤᠲᠠ ᠲᠠᠢ ᠬᠠᠮᠲᠤ ᠪᠠᠷ ᠭᠦᠨᠵᠡᠭᠡᠢ ᠰᠤᠳᠤᠯᠤᠨ ᠲᠥᠯᠥᠪᠯᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠲᠣᠭᠲᠠᠴᠠ ᠶᠢ ᠦᠷᠭᠦᠯᠵᠢᠯᠡᠨ ᠰᠠᠶᠢᠲᠤᠷ ᠠᠰᠢᠭᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠠᠵᠢᠯ ᠤᠨ ᠲᠣᠭᠲᠠᠴᠠ ᠶᠢ ᠭᠦᠢᠴᠡᠳ ᠠᠰᠢᠭᠯᠠᠵᠤ᠂ ᠣᠷᠣᠨ ᠪᠦᠰᠡ ᠶᠢᠨ ᠬᠠᠮᠵᠢᠯᠴᠠᠭ᠎ᠠ᠂ ᠲᠥᠷᠥᠯ ᠵᠦᠢᠯ ᠤᠨ ᠪᠠᠶᠢᠷᠢᠰᠢᠭᠤᠯᠤᠯᠲᠠ᠂ ᠮᠡᠷᠭᠡᠵᠢᠯ ᠤᠨ ᠳᠡᠮᠵᠢᠯᠭᠡ᠂ ᠴᠢᠳᠠᠪᠤᠷᠢᠲᠠᠨ ᠤ ᠰᠣᠯᠢᠯᠴᠠᠭ᠎ᠠ᠂ ᠲᠠᠪᠴᠠᠩ ᠤᠨ ᠣᠷᠣᠯᠴᠠᠭ᠎ᠠ᠂ ᠠᠵᠤ ᠠᠬᠤᠶᠢᠯᠠᠯ ᠤᠨ ᠲᠠᠨᠢᠯᠴᠠᠭᠤᠯᠭ᠎ᠠ᠂ ᠤᠬᠠᠭᠤᠯᠭ᠎ᠠ ᠶᠢᠨ ᠲᠠᠨᠢᠯᠴᠠᠭᠤᠯᠭ᠎ᠠ᠂ ᠵᠠᠬ᠎ᠠ ᠳᠡᠯᠭᠡᠭᠦᠷ ᠢ ᠥᠷᠭᠡᠳᠬᠡᠬᠦ᠂ ᠲᠣᠭᠲᠠᠴᠠ ᠶᠢ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠤᠯᠠᠭᠠᠨᠬᠠᠳᠠ ᠶᠢ ᠳᠡᠮᠵᠢᠵᠦ᠂ ᠬᠥᠭᠵᠢᠯᠲᠡ ᠶᠢ ᠠᠬᠢᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠤᠯᠠᠭᠠᠨᠬᠠᠳᠠ ᠶᠢᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠨᠠᠩ ᠰᠠᠶᠢᠨ ᠠᠭᠤᠰᠤᠯᠴᠠᠬᠤ ᠶᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠰᠦᠪᠡᠭᠴᠢᠯᠡᠯᠲᠡ ᠬᠢᠵᠦ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ ᠭᠡᠵᠤ ᠵᠢᠭᠠᠵᠤ ᠭᠠᠷᠭᠠᠪᠠ᠃    ᠪᠡᠭᠡᠵᠢᠩ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠠᠷᠠᠯᠵᠢᠶ᠎ᠠ ᠶᠢ ᠠᠬᠢᠭᠤᠯᠬᠤ ᠡᠪᠯᠡᠯ ᠳᠤ᠂ ᠸᠠᠨ ᠴᠤᠤ ᠴᠢ ᠨᠠᠷ ᠲᠤᠰ ᠲᠤᠰ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠣᠣ ᠢᠦᠢ ᠶᠢᠨ ᠲᠠᠢ ᠬᠠᠮᠲᠤ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠩ ᠪᠥᠸᠧ ᠪᠣᠯᠣᠨ ᠬᠤᠲᠠ ᠶᠢᠨ ᠠᠷᠠᠯᠵᠢᠶ᠎ᠠ ᠶᠢ ᠠᠬᠢᠭᠤᠯᠬᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠬᠤᠸᠠᠢ ᠭᠠᠩ᠂ ᠬᠤᠳᠠ ᠶᠢᠨ ᠠᠷᠠᠯᠵᠢᠶ᠎ᠠ ᠶᠢ ᠠᠬᠢᠭᠤᠯᠬᠤ ᠡᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠠᠩ᠂ ᠬᠤᠳᠠ ᠶᠢᠨ ᠠᠷᠠᠯᠵᠢᠶ᠎ᠠ ᠶᠢ ᠠᠬᠢᠭᠤᠯᠬᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠵᠦ ᠵᠢᠶᠠ ᠯᠢᠶᠠᠩ  ᠨᠠᠷ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠤᠶᠠᠷ ᠨᠢᠭᠡᠴᠡ ᠶᠢᠨ ᠲᠠᠪᠴᠠᠩ ᠥᠨᠳᠥᠷ᠂ ᠡᠬᠢ ᠪᠠᠶᠠᠯᠢᠭ ᠤᠯᠠᠨ᠂ ᠬᠥᠮᠥᠨ ᠤ ᠰᠤᠳᠠᠰᠤ ᠥᠷᠭᠡᠨ ᠵᠡᠷᠭᠡ ᠳᠠᠪᠠᠭᠤᠯᠢᠭ ᠢ ᠠᠰᠢᠭᠯᠠᠨ᠂ ᠤᠯᠠᠭᠠᠨᠬᠠᠳᠠ ᠶᠢ ᠶᠡᠬᠡᠪᠡᠷ ᠤᠬᠠᠭᠤᠯᠵᠤ ᠲᠠᠨᠢᠯᠴᠠᠭᠤᠯᠵᠤ᠂ ᠰᠢᠨ᠎ᠡ ᠡᠨᠧᠷᠭᠢ᠂ ᠲᠤᠨᠤᠭ ᠲᠥᠬᠦᠭᠡᠷᠦᠮᠵᠢ ᠦᠢᠯᠡᠳᠬᠦ᠂ ᠲᠣᠭᠠᠴᠢᠯᠠᠭᠰᠠᠨ ᠮᠡᠳᠡᠭᠡ ᠵᠠᠩᠭᠢ ᠂ ᠭᠠᠳᠠᠭᠠᠳᠤ ᠠᠷᠠᠯᠵᠢᠶ᠎ᠠ᠂ ᠰᠣᠶᠣᠯ  ᠵᠢᠭᠤᠯᠴᠢᠯᠠᠯ ᠵᠡᠷᠭᠡ ᠬᠦᠷᠢᠶᠡᠨ ᠤ ᠰᠢᠯᠢᠳᠡᠭ ᠠᠵᠤ ᠠᠬᠤᠶᠢᠯᠠᠯ ᠢ ᠳᠠᠳᠠᠨ ᠠᠪᠴᠢᠷᠠᠵᠤ ᠬᠥᠭᠵᠢᠭᠦᠯᠦᠨ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠪᠡ᠃ ᠪᠡᠭᠡᠵᠢᠩ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠡᠪᠯᠡᠯ ᠤᠨ ᠤᠳᠤᠷᠢᠳᠤᠯᠭ᠎ᠠ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠨᠬᠠᠳᠠ ᠬᠤᠳᠠ ᠶᠢᠨ ᠬᠤᠯᠪᠣᠭᠳᠠᠯ ᠪᠦᠬᠦᠢ ᠠᠵᠢᠯ ᠢ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠠᠵᠢᠯ ᠳᠤ ᠣᠷᠣᠭᠤᠯᠤᠨ ᠪᠣᠳᠣᠯᠬᠢᠯᠠᠬᠤ᠂ ᠲᠠᠪᠴᠠᠩ ᠪᠠᠶᠢᠭᠤᠯᠬᠤ᠂ ᠲᠣᠭᠲᠠᠴᠠ ᠪᠠᠶᠢᠭᠤᠯᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠤᠯᠠᠭᠠᠨᠬᠠᠳᠠ ᠬᠤᠳᠠ ᠶᠢᠨ ᠴᠢᠬᠤᠯᠠ ᠶᠡᠭᠡ ᠦᠵᠡᠰᠬᠦᠯᠡᠩ᠂ ᠠᠵᠢᠯᠯᠠᠭ᠎ᠠ ᠳᠤ ᠣᠷᠣᠯᠴᠠᠬᠤ ᠲᠠᠯ᠎ᠠ ᠪᠠᠷ ᠳᠡᠮᠵᠢᠯᠭᠡ ᠬᠠᠪᠰᠤᠷᠤᠯᠭ᠎ᠠ ᠦᠵᠡᠭᠦᠯᠵᠦ᠂ ᠪᠡᠭᠡᠵᠢᠩ ᠬᠤᠳᠠ ᠶᠢᠨ ᠬᠤᠳᠠᠯᠳᠤᠭᠠᠴᠢᠳ ᠤᠨ ᠡᠪᠯᠡᠯ᠂ ᠪᠡᠭᠡᠵᠢᠩ ᠬᠤᠳᠠ ᠶᠢᠨ ᠤᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠭᠡᠰᠢᠭᠦᠨ ᠠᠵᠤ ᠠᠬᠤᠶᠢᠯᠠᠯ ᠤᠨ ᠤᠯᠠᠭᠠᠨᠬᠠᠳᠠ ᠳᠤ ᠢᠷᠡᠵᠤ ᠰᠢᠨᠵᠢᠯᠡᠨ ᠪᠠᠶᠢᠴᠠᠭᠠᠵᠤ ᠵᠣᠯᠭᠠᠭᠤᠯᠬᠤ ᠶᠢ ᠲᠠᠨᠢᠯᠴᠠᠭᠤᠯᠬᠤ ᠵᠡᠷᠭᠡ ᠲᠠᠯ᠎ᠠ ᠪᠠᠷ ᠨᠥᠬᠦᠴᠡᠯ ᠡᠭᠦᠳᠴᠦ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠶᠢ ᠪᠣᠳᠠᠲᠠᠢ ᠶᠢ ᠡᠷᠬᠢᠮᠯᠡᠨ   ᠠᠬᠢᠭᠤᠯᠬᠤ ᠪᠠᠷ ᠴᠢᠷᠮᠠᠶᠢᠨ᠎ᠠ ᠭᠡᠵᠤ  ᠵᠢᠭᠠᠵᠤ ᠭᠠᠷᠭᠠᠪᠠ᠃     ᠸᠠᠨ ᠴᠤᠤ ᠴᠢ ᠪᠠᠰᠠ ᠲᠤᠰᠬᠠᠶᠢᠯᠠᠨ ᠪᠡᠭᠡᠵᠢᠩ ᠥᠪᠥᠷ ᠮᠣᠩᠭᠤᠯ ᠤᠯᠠᠭᠠᠨᠬᠠᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠶᠠᠰᠤ ᠴᠢᠨᠠᠷ ᠲᠠᠢ ᠥᠨᠳᠥᠷ ᠡᠬᠢᠯᠡᠯᠲᠡ ᠲᠠᠢ ᠪᠠᠷ ᠠᠷᠠᠯᠵᠢᠶᠠᠴᠢᠨ ᠤᠷᠢᠵᠤ ᠪᠡᠯᠡ ᠲᠠᠲᠠᠬᠤ ᠲᠥᠰᠥᠯ ᠪᠠ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠶᠢ ᠰᠤᠳᠤᠯᠵᠤ᠂ ᠠᠵᠤ ᠦᠢᠯᠡᠰ ᠤᠨ ᠬᠦᠷᠢᠶᠡᠯᠡᠩ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠡᠷᠲᠡᠬᠡᠨ ᠬᠤᠶᠠᠷ ᠭᠠᠵᠠᠷ ᠤᠨ ᠬᠥᠭᠵᠢᠯᠲᠡ ᠳᠤ ᠦᠢᠯᠡᠴᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠪᠡᠭᠡᠵᠢᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠵᠢᠯᠴᠠᠭᠠᠨ ᠤ ᠠᠯᠪᠠᠨ ᠭᠡᠷ ᠤᠨ ᠬᠠᠮᠵᠢᠯᠴᠠᠭᠠᠨ ᠤ ᠶᠡᠷᠦᠩᠬᠡᠶᠢᠯᠡᠭᠰᠡᠨ ᠭᠠᠵᠠᠷ᠂ ᠬᠠᠮᠵᠢᠯᠴᠠᠭᠠᠨ ᠤ ᠲᠥᠷᠥ ᠶᠢᠨ ᠪᠣᠳᠣᠯᠭ᠎ᠠ ᠶᠢᠨ ᠭᠠᠵᠠᠷ᠂ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠬᠤᠶᠠᠳᠤᠭᠠᠷ ᠳᠤᠭᠤᠶᠢᠯᠠᠩ᠂ ᠬᠤᠲᠠ ᠶᠢᠨ ᠬᠦᠳᠡᠭᠡ ᠠᠵᠦ ᠠᠬᠤᠢ ᠬᠥᠳᠡᠭᠡ ᠲᠣᠰᠬᠤᠨ ᠤ ᠲᠣᠪᠴᠢᠶ᠎ᠠ ᠶᠢᠨ ᠳᠡᠮᠵᠢᠨ ᠬᠠᠮᠵᠢᠯᠴᠠᠬᠤ ᠭᠠᠵᠠᠷ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠡᠷᠡᠯ ᠭᠢᠯᠪᠠᠭ᠎ᠠ ᠎ ᠶᠢᠨ ᠠᠯᠪᠠᠨ ᠭᠡᠷ᠂ ᠬᠠᠤᠯᠢ ᠴᠠᠭᠠᠵᠠ ᠶᠢᠨ ᠭᠠᠵᠠᠷ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠡᠪᠯᠡᠯ ᠤᠨ ᠠᠯᠪᠠᠨ ᠭᠡᠷ᠂ ᠬᠤᠷᠠᠯ ᠤᠨ ᠶᠠᠪᠤᠳᠠᠯ ᠤᠨ ᠬᠡᠯᠲᠡᠰ᠂ ᠪᠡᠯᠡ ᠣᠷᠣᠭᠤᠯᠤᠯᠲᠠ ᠶᠢ ᠠᠬᠢᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠦᠢᠯᠡᠰ ᠤᠨ ᠬᠤᠳᠠᠯᠳᠤᠭᠠᠴᠢᠳ ᠎ ᠤᠨ ᠡᠪᠯᠡᠯ᠂ ᠡᠨᠧᠷᠭᠢ ᠣᠷᠴᠢᠨ ᠠᠬᠤᠢ ᠶᠢᠨ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠨᠥᠬᠦᠳ ᠲᠣᠰ ᠲᠣᠰ ᠶᠠᠷᠢᠯᠴᠠᠬᠤ ᠬᠤᠷᠠᠯ ᠳᠤ ᠣᠷᠤᠯᠴᠠᠪᠠ᠃ ᠮᠠᠨ ᠤ ᠬᠤᠲᠠ ᠶᠢᠨ ᠤᠳᠤᠷᠢᠳᠤᠯᠭ᠎ᠠ ᠲᠢᠶᠠᠨ ᠴᠧᠨ ᠭᠤᠸᠠᠩ᠂ ᠵᠠᠩ ᠵᠢᠢ ᠺᠠᠩ᠂ ᠹᠦ᠋ ᠱᠧᠦ ᠯᠢ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠲᠠ ᠎ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠯᠵᠢᠶ᠎ᠠ ᠶᠢ ᠠᠬᠢᠭᠤᠯᠬᠤ ᠡᠪᠯᠡᠯ᠂ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠪᠡᠭᠡᠵᠢᠩ ᠬᠤᠲᠠ ᠶᠢᠨ ᠤᠯᠠᠭᠠᠨᠬᠠᠳᠠ ᠶᠢᠨ ᠬᠤᠳᠠᠯᠳᠤᠭᠠᠴᠢᠳ ᠤᠨ ᠡᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠬᠠᠮᠢᠶ᠎ᠠ ᠪᠦᠬᠦᠢ ᠠᠵᠢᠯᠯᠠᠭ᠎ᠠ ᠳᠤ ᠣᠷᠤᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ