| ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ | ᠲᠦᠪᠰᠢᠨ ᠤ ᠠᠳᠡᠯ ᠤᠨᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | | ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠦᠨᠳᠦᠰᠦᠯᠡᠯ | ︵ᠨᠢᠭᠡ︶ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠠᠶᠢᠭᠠᠯᠢ ᠶᠢᠨ ᠰᠢᠲᠠᠮᠠᠬᠠᠶ | ᠬᠡᠶ ᠶᠢᠨ ᠬᠤᠯᠠ ᠳᠠᠮᠵᠢᠭᠤᠯᠬᠤ ᠬᠤᠭᠤᠯᠠᠶ ᠶᠢᠨ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ᠂ ᠲᠦᠷᠭᠡᠨ᠂ ᠰᠢᠨᠵᠢᠯᠡᠬᠦ | ᠤᠬᠠᠭᠠᠨᠴᠢ᠂ ᠡᠮᠬᠢ ᠵᠢᠷᠤᠮ ᠲᠠᠢ ᠪᠠᠷ ᠰᠢᠢᠳᠪᠦᠷᠢᠯᠡᠬᠦ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ ᠢ | ᠵᠢᠷᠤᠮᠵᠢᠭᠤᠯᠤᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ | ᠠᠳᠡᠯ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠪᠦᠲᠦᠮᠵᠢᠲᠡᠶ ᠡᠵᠡᠮᠳᠡᠬᠦ ᠪᠠ ᠪᠠᠭᠠᠰᠬᠠᠵᠤ᠂ ᠤᠯᠤᠰ ᠤᠨ ᠠᠮᠤᠷ | ᠲᠦᠪᠰᠢᠨ᠂ ᠨᠡᠶᠢᠭᠡᠮ ᠤᠨ ᠲᠣᠭᠲᠠᠭᠤᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠬᠠᠮᠠᠭᠠᠯᠠᠬᠤ ᠶᠢᠨ ᠲᠤᠰᠠᠳᠠ᠂ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ | ᠳᠠᠮᠵᠢᠭᠤᠯᠬᠤ | ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠲᠣᠭᠲᠠᠭᠠᠪᠠ᠃ | ︵ᠬᠤᠶᠠᠷ︶ ᠨᠠᠶᠢᠷᠠᠭᠤᠯᠤᠨ ᠵᠣᠬᠢᠶᠠᠬᠤ ᠦᠨᠳᠦᠰᠦᠯᠡᠯ | ᠲᠣᠰ ᠪᠡᠯᠡᠳᠬᠡᠯ ᠲᠥᠰᠦᠯ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠦᠷᠢᠮ︾᠂ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠶᠡᠷᠦᠩᠬᠡᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠤᠯᠤᠰ ᠤᠨ ᠣᠯᠠᠨ ᠨᠡᠶᠢᠲᠡ ᠶᠢᠨ ᠠᠳᠡᠯ ᠤᠨ ᠭᠠᠶ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠤᠯᠠᠭᠠᠨᠬᠠᠳᠠ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃ | | ᠬᠤᠶᠠᠷ᠂ ᠵᠢᠯᠣᠭᠤᠳᠬᠤ ᠦᠵᠡᠯ ᠰᠠᠨᠠᠭ᠎ᠠ ᠵᠢᠴᠢ ᠵᠠᠷᠴᠢᠮ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠲᠣᠭᠲᠠᠭᠠᠪᠠ᠃ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠨᠢᠭᠡᠳᠦᠯᠲᠡᠶ ᠤᠳᠤᠷᠢᠳᠬᠤ᠂ ᠶᠡᠷᠦᠩᠬᠡᠶᠢᠯᠡᠨ ᠵᠣᠬᠢᠴᠠᠭᠤᠯᠬᠤ | ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠮᠤᠷ ᠲᠦᠪᠰᠢᠨ ᠢ ᠬᠠᠮᠠᠭᠠᠯᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠪᠠᠶᠢᠭᠠᠯᠢ ᠶᠢᠨ ᠰᠢᠲᠠᠮᠠᠬᠠᠶ ᠬᠡᠶ ᠶᠢ ᠬᠤᠯᠠ ᠳᠠᠮᠵᠢᠭᠤᠯᠬᠤ ᠠᠵᠤ ᠠᠬᠤᠶᠢᠯᠠᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠶᠣᠰᠣᠭᠠᠷ ᠰᠢᠢᠳᠪᠦᠷᠢᠯᠡᠬᠦ ᠠᠵᠢᠯ ᠢ ᠳᠠᠷᠦ᠋ᠢᠬᠠᠨ ᠥᠷᠨᠢᠭᠦᠯᠬᠦ ᠬᠡᠷᠡᠭᠲᠡᠶ᠃ | | ᠭᠤᠷᠪᠠ᠂ ᠭᠤᠣᠯ ᠡᠭᠦᠷᠭᠡ | ᠪᠠᠶᠢᠭᠠᠯᠢ ᠶᠢᠨ ᠰᠢᠲᠠᠮᠠᠬᠠᠶ ᠬᠡᠢ ᠳᠤ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ︵ᠳᠣᠷᠣᠭᠰᠢ ︽ᠬᠤᠭᠤᠯᠠᠶ ᠭᠤᠣᠷᠰᠤ︾ ᠭᠡᠵᠦ ᠲᠣᠪᠴᠢᠯᠠᠨ᠎ᠠ︶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠢ ᠬᠠᠤᠯᠢ ᠶᠣᠰᠣᠭᠠᠷ᠂ ᠲᠦᠷᠭᠡᠨ᠂ ᠰᠢᠨᠵᠢᠯᠡᠬᠦ ᠤᠬᠠᠭᠠᠨᠴᠢ ᠪᠠᠷ᠂ ᠡᠮᠬᠢ ᠵᠢᠷᠤᠮ ᠲᠠᠢ ᠪᠠᠷ ᠠᠷᠭᠠᠴᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠠᠴᠠ ᠪᠣᠯᠤᠭᠰᠠᠨ ᠨᠥᠯᠥᠭᠡ | ᠪᠠ ᠬᠤᠬᠢᠷᠠᠯ ᠢ ᠪᠦᠲᠦᠮᠵᠢᠲᠡᠶ ᠡᠵᠡᠮᠳᠡᠬᠦ ᠪᠠ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠨᠢᠭᠡ︶ ᠡᠩᠨᠡᠭᠡ ᠶᠢᠨ ᠪᠠᠲᠤᠯᠠᠭ᠎ᠠ | ᠪᠥᠬᠦ ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠨᠢ ᠶᠡᠷᠦᠩᠬᠡᠶᠢᠯᠡᠭᠰᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠲᠤᠰᠬᠠᠶ ᠠᠪᠤᠷᠠᠨ ᠲᠤᠰᠠᠯᠠᠬᠤ ᠡᠩᠨᠡᠭᠡ᠂ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠢᠶᠠᠷ ᠪᠦᠷᠢᠯᠳᠦᠨ᠎ᠡ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠲᠤᠰᠬᠠᠢ ︵ᠬᠠᠪᠰᠤᠷᠭᠠᠭᠰᠠᠨ︶ ᠲᠤᠰᠢᠶᠠᠯ ᠤᠨ ᠠᠪᠤᠷᠠᠨ ᠲᠤᠰᠠᠯᠠᠬᠤ ᠡᠩᠨᠡᠭᠡ ᠶᠢ ᠲᠣᠭᠲᠠᠭᠠᠯ | ᠶᠣᠰᠣᠭᠠᠷ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠬᠤᠭᠤᠯᠠᠶ ᠭᠤᠣᠷᠰᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠪᠠ ᠪᠡᠯᠡᠳᠬᠡᠯ ᠪᠠᠶᠢᠳᠠᠯ ᠢ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠡᠵᠡᠮᠰᠢᠬᠦ ᠶᠢᠨ ᠬᠠᠮᠲᠤ᠂ ᠮᠡᠳᠡᠭᠡ ᠵᠠᠩᠭᠢ ᠵᠢᠴᠢ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠠᠪᠴᠠᠩ ᠢ ᠪᠠᠶᠢᠭᠤᠯᠬᠤ ᠬᠡᠷᠡᠭᠲᠡᠶ᠃ | ︵ᠬᠤᠶᠠᠷ︶ ᠡᠳ᠋ ᠪᠣᠳᠠᠰ ᠲᠣᠨᠣᠭᠯᠠᠯ ᠤᠨ ᠪᠠᠲᠤᠯᠠᠭ᠎ᠠ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠣᠷᠣᠨ ᠤ ᠲᠦᠭᠰᠢᠭᠦᠷᠢ ᠶᠢᠨ ᠣᠨᠴᠠᠯᠢᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ | ᠴᠢᠳᠠᠪᠤᠷᠢ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠬᠤᠯᠠ ᠪᠥᠬᠦᠶ ᠡᠳ᠋ ᠪᠣᠳᠠᠰ ᠲᠣᠨᠤᠭ ᠲᠥᠬᠦᠭᠡᠷᠦᠮᠵᠢ᠂ ᠲᠣᠨᠤᠭ ᠲᠥᠬᠦᠭᠡᠷᠦᠮᠵᠢ ᠶᠢ ᠨᠥᠭᠡᠴᠡᠯᠡᠵᠦ᠂ ᠬᠠᠮᠠᠭᠠᠯᠠᠬᠤ ᠪᠠ ᠬᠠᠮᠢᠶᠠᠷᠬᠤ ᠶᠢ ᠰᠠᠶᠢᠲᠤᠷ ᠬᠢᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠬᠦ ᠪᠠ ᠨᠥᠬᠦᠪᠥᠷᠢᠯᠡᠬᠦ ᠬᠡᠷᠡᠭᠲᠡᠶ᠃ ᠡᠯ᠎ᠡ ᠲᠤᠰᠬᠠᠶ ᠠᠵᠢᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠨᠤᠭᠤᠳ ᠲᠤᠰ ᠲᠤᠰᠬᠠᠶ ᠠᠵᠢᠯ ᠤᠨ | ᠣᠨᠴᠣᠭᠤᠶ ᠲᠥᠷᠥᠯ ᠤᠨ ᠠᠪᠤᠷᠠᠨ ᠲᠤᠰᠠᠯᠠᠬᠤ ᠲᠣᠨᠣᠭᠯᠠᠯ ᠤᠨ ᠪᠠᠶᠢᠳᠠᠯ ᠢ ᠡᠵᠡᠮᠰᠢᠵᠦ᠂ ᠠᠳᠡᠯ ᠤᠨ ᠲᠤᠬᠠᠶ ᠶᠢᠨ ᠭᠠᠵᠠᠷ ᠲᠤ ᠠᠪᠤᠷᠠᠬᠤ ᠳᠤ ᠬᠡᠷᠡᠭᠰᠡᠬᠦ ᠪᠠᠷᠢᠯᠭ᠎ᠠ ᠶᠢᠨ ᠮᠠᠰᠢᠨ᠂ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠪᠣᠯᠤᠨ ᠪᠤᠰᠤᠳ ᠣᠨᠴᠣᠭᠤᠶ ᠲᠥᠷᠥᠯ ᠤᠨ ᠲᠣᠨᠣᠭᠯᠠᠯ ᠢ ᠵᠣᠬᠢᠶᠠᠨ ᠪᠠᠶᠢᠭᠤᠯᠤᠨ ᠬᠠᠩᠭᠠᠬᠤ ᠶᠢ ᠬᠠᠷᠢᠭᠤᠴᠠᠬᠤ ᠬᠡᠷᠡᠭᠲᠡᠶ᠃ ᠡᠯ᠎ᠡ ᠲᠤᠰᠬᠠᠶ ᠠᠵᠢᠯ ᠤᠨ ᠠᠪᠤᠷᠠᠨ ᠲᠤᠰᠠᠯᠠᠬᠤ ᠡᠩᠨᠡᠭᠡ ᠪᠣᠯᠤᠨ ᠠᠵᠢᠯᠯᠠᠵᠤ ᠪᠠᠶᠢᠭ᠎ᠠ ᠨᠢᠭᠡᠴᠡ ᠨᠦᠭᠦᠳ ᠪᠣᠳᠠᠲᠠᠶ ᠬᠡᠷᠡᠭᠴᠡᠭᠡ ᠪᠠᠨ | ᠦᠨᠳᠦᠰᠦᠯᠡᠨ᠂ ᠲᠤᠬᠠᠶ ᠶᠢᠨ ᠭᠠᠵᠠᠷ ᠲᠤᠨᠢ ᠠᠪᠤᠷᠠᠨ ᠲᠤᠰᠠᠯᠠᠬᠤ ᠪᠠ ᠪᠠᠷᠢᠯᠭ᠎ᠠ ᠶᠢᠨ ᠠᠶᠤᠯ ᠠᠴᠠ ᠠᠪᠤᠷᠠᠬᠤ ᠴᠢᠬᠤᠯᠠ ᠪᠦᠬᠦᠢ ᠲᠣᠨᠣᠭᠯᠠᠯ᠂ ᠪᠠᠭᠠᠵᠢ ᠬᠡᠷᠡᠭᠰᠡᠯ ᠢ ᠲᠣᠬᠢᠷᠠᠭᠤᠯᠵᠤ᠂ ᠠᠷᠠᠴᠢᠯᠠᠨ ᠬᠠᠮᠠᠭᠠᠯᠠᠬᠤ᠂ ᠰᠢᠯᠵᠢᠭᠦᠯᠦᠨ ᠬᠡᠷᠡᠭᠯᠡᠬᠦ ᠵᠡᠷᠭᠡ ᠳᠦᠷᠢᠮ ᠢ ᠪᠠᠶᠢᠭᠤᠯᠬᠤ ᠬᠡᠷᠡᠭᠲᠡᠶ᠃ | ︵ᠭᠤᠷᠪᠠ︶ ᠠᠮᠤᠷ ᠢ ᠬᠠᠮᠠᠭᠠᠯᠠᠬᠤ ᠪᠠᠲᠤᠯᠠᠭ᠎ᠠ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠠᠳᠡᠯ ᠭᠠᠷᠤᠭᠰᠠᠨ ᠤ ᠳᠠᠷᠠᠭ᠎ᠠ ᠲᠡᠷᠡ ᠳᠠᠷᠤᠶ ᠳᠤᠨᠢ ᠬᠡᠷᠡᠭ ᠭᠠᠷᠤᠭᠰᠠᠨ ᠭᠠᠵᠠᠷ ᠤᠨ ᠬᠠᠷᠢᠶ᠎ᠠ ᠣᠷᠣᠨ ᠤ ᠪᠠᠨ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠨ ᠪᠠᠶᠢᠴᠠᠭᠠᠬᠤ ᠴᠠᠭᠳᠠᠭ᠎ᠠ ᠵᠡᠷᠭᠡ ᠶᠢ ᠴᠠᠭ ᠲᠤᠬᠠᠶ ᠳᠤᠨᠢ ᠠᠳᠡᠯ ᠭᠠᠷᠤᠭᠰᠠᠨ ᠲᠤᠬᠠᠶ ᠶᠢᠨ ᠲᠠᠯᠠᠪᠤᠷ ᠲᠤ ᠣᠴᠢᠭᠤᠯᠤᠨ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ ᠤᠯᠠᠭᠠᠨᠬᠠᠳᠠ ᠬᠤᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠶᠢ | ᠳᠠᠭᠠᠵᠤ᠂ ᠲᠤᠬᠠᠶ ᠶᠢᠨ ᠲᠠᠯᠠᠪᠤᠷ ᠲᠤ ᠡᠵᠡᠮᠳᠡᠬᠦ᠂ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠣᠯᠠᠨ ᠲᠦᠮᠡᠨ ᠢ ᠲᠠᠷᠬᠠᠭᠠᠨ ᠠᠪᠤᠷᠠᠨ ᠲᠤᠰᠠᠯᠠᠬᠤ᠂ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠃ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠬᠥᠮᠦᠰ᠂ ᠴᠢᠬᠤᠯᠠ ᠡᠳ᠋ ᠪᠣᠳᠠᠰ ᠪᠠ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠲᠣᠭᠲᠠᠭᠠᠯ ᠶᠣᠰᠣᠭᠠᠷ | ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠴᠢᠬᠤᠯᠠ ᠲᠠᠢ ᠦᠶ᠎ᠡ ᠳᠤ᠂ ᠬᠠᠤᠯᠢ ᠶᠣᠰᠣᠭᠠᠷ ᠪᠦᠲᠦᠮᠵᠢᠲᠡᠶ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠢ ᠬᠢᠵᠠᠭᠠᠷᠯᠠᠨ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠨ᠎ᠠ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠣᠯᠠᠨ ᠲᠦᠮᠡᠨ ᠢ ᠢᠳᠡᠪᠬᠢᠲᠡᠶ ᠳᠠᠶᠢᠴᠢᠯᠠᠬᠤ ᠪᠠ | ᠵᠣᠬᠢᠶᠠᠨ ᠪᠠᠶᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠬᠠᠮᠲᠤᠷᠠᠨ ᠰᠡᠷᠭᠡᠶᠢᠯᠡᠬᠦ ᠠᠵᠢᠯ ᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢ ᠬᠠᠪᠰᠤᠷᠤᠨ ᠠᠮᠤᠷ ᠢ ᠬᠠᠮᠠᠭᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ︵ᠲᠦᠷᠪᠡ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠵᠣᠬᠢᠴᠠᠩᠭᠤᠶ ᠡᠮᠴᠢᠯᠡᠭᠡᠨ ᠤ ᠡᠳ᠋ ᠪᠣᠳᠠᠰ ᠪᠠ ᠠᠵᠢᠯᠲᠠᠨ ᠢ ᠳᠣᠭᠢᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠭᠡᠮᠲᠦᠯ ᠤᠨ ᠲᠥᠷᠥᠯ ᠬᠡᠯᠪᠡᠷᠢ ᠶᠢ ᠦᠨᠳᠦᠰᠦᠯᠡᠨ᠂ ᠡᠮᠴᠢ ᠰᠤᠪᠢᠯᠠᠭᠴᠢ ᠪᠣᠯᠤᠨ | ᠡᠮᠴᠢᠯᠡᠭᠡᠨ ᠤ ᠲᠥᠬᠦᠭᠡᠷᠦᠮᠵᠢ᠂ ᠡᠮ ᠤᠨ ᠵᠦᠢᠯ ᠢ ᠰᠢᠯᠵᠢᠭᠦᠯᠦᠨ ᠴᠤᠭᠯᠠᠭᠤᠯᠵᠤ ᠭᠠᠮᠰᠢᠭ ᠠᠴᠠ ᠠᠪᠤᠷᠠᠬᠤ ᠲᠤᠬᠠᠶ ᠶᠢᠨ ᠲᠠᠯᠠᠪᠤᠷ ᠲᠤ ᠣᠷᠣᠭᠤᠯᠵᠤ᠂ ᠰᠢᠷᠬᠠᠲᠤᠭᠰᠠᠳ ᠢ ᠠᠪᠤᠷᠠᠨ ᠵᠠᠰᠠᠬᠤ ᠪᠠ ᠬᠤᠯᠪᠣᠭᠳᠠᠯ ᠪᠦᠬᠦᠢ ᠣᠷᠣᠨ ᠪᠦᠰᠡ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠬᠢᠬᠦ ᠳᠤ ᠴᠠᠭ ᠢᠮᠠᠭᠲᠠ ᠪᠡᠯᠡᠬᠡᠨ ᠪᠠᠶᠢᠬᠤ ᠬᠡᠷᠡᠭᠲᠡᠶ᠃ | ︵ᠲᠠᠪᠤ︶ ᠪᠡᠯᠡ ᠮᠦᠡᠭᠭᠦᠨ ᠤ ᠪᠠᠳᠤᠯᠠᠭ᠎ᠠ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠵᠠᠷᠤᠳᠠᠯ ᠢ ᠲᠦᠷᠭᠡᠨ ᠪᠠᠭᠤᠯᠭᠠᠬᠤ ᠲᠣᠭᠲᠠᠴᠠ ᠶᠢ ᠪᠠᠶᠢᠭᠤᠯᠵᠤ᠂ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠰᠢᠢᠳᠪᠦᠷᠢᠯᠡᠬᠦ ᠳᠤ ᠬᠡᠷᠡᠭᠰᠡᠬᠦ ᠡᠯ᠎ᠡ ᠵᠦᠢᠯ ᠤᠨ ᠵᠠᠷᠤᠳᠠᠯ ᠢ ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠶᠠᠪᠤᠳᠠᠯ ᠤᠨ ᠡᠷᠬᠡ᠂ ᠡᠳ᠋ ᠤᠨ ᠶᠠᠪᠤᠳᠠᠯ ᠤᠨ ᠡᠷᠬᠡ ᠶᠢ ᠬᠤᠪᠢᠶᠠᠷᠢᠯᠠᠬᠤ ᠵᠠᠷᠴᠢᠮ ᠶᠣᠰᠣᠭᠠᠷ ᠡᠯ᠎ᠡ ᠱᠠᠲᠤᠨ ᠤ ᠵᠠᠰᠠᠭ ᠤᠨ ᠣᠷᠳᠣᠨ ᠱᠠᠲᠤ ᠬᠤᠪᠢᠶᠠᠨ ᠡᠭᠦᠷᠭᠡᠯᠡᠬᠦ | ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠳ ᠬᠤᠭᠤᠯᠠᠶ ᠶᠢᠨ ᠠᠮᠦᠷ ᠲᠥᠪᠰᠢᠨ ᠤ ᠠᠳᠡᠯ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠡᠯᠡ ᠮᠥᠩᠭᠦ ᠶᠢᠨ ᠬᠡᠷᠡᠭᠯᠡᠯᠲᠡ ᠪᠠ ᠦᠷ᠎ᠡ ᠪᠦᠲᠦᠮᠵᠢ ᠶᠢ ᠬᠢᠨᠠᠨ ᠬᠠᠮᠢᠶᠠᠷᠬᠤ ᠪᠠ ᠦᠨᠡᠯᠡᠨ ᠵᠢᠱᠢᠬᠦ ᠬᠡᠷᠡᠭᠲᠡᠢ᠃ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠪᠡᠯᠡᠭᠯᠡᠨ ᠬᠦᠷᠭᠡᠬᠦ ᠪᠠ ᠲᠤᠰᠠᠯᠠᠮᠵᠢ | ᠦᠵᠡᠭᠦᠯᠬᠦ ᠶᠢ ᠵᠣᠷᠢᠭᠵᠢᠭᠤᠯᠤᠨ᠎ᠠ᠃ | ︵ᠵᠢᠷᠭᠤᠭ᠎ᠠ︶ ᠴᠢᠮᠡᠭᠡ ᠬᠤᠯᠪᠤᠭᠠᠨ ᠤ ᠪᠠᠲᠤᠯᠠᠭ᠎ᠠ | ᠴᠢᠮᠡᠭᠡ ᠨᠡᠪᠲᠡᠷᠡᠯᠭᠡ ᠶᠢᠨ ᠬᠠᠮᠢᠶᠠᠷᠤᠯᠲᠠ᠂ ᠷᠠᠳᠢᠣ᠋ ᠨᠡᠪᠲᠡᠷᠡᠭᠦᠯᠭᠡ ᠲᠧᠯᠸᠢᠰ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭ᠎ᠠ᠂ ᠷᠠᠳᠢᠣ᠋ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠤᠨ ᠰᠢᠰᠲ᠋ᠧᠮᠵᠢ ᠪᠠᠶᠢᠭᠤᠯᠬᠤ ᠶᠢ ᠬᠠᠷᠢᠭᠤᠴᠠᠵᠤ᠂ ᠰᠦᠯᠵᠢᠶᠡᠨ ᠳᠡᠭᠡᠷ᠎ᠡ ᠳᠣᠣᠷ᠎ᠠ ᠬᠠᠷᠢᠯᠴᠠᠨ ᠤᠶᠠᠯᠳᠤᠭᠰᠠᠨ᠂ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠲᠣᠤᠷ ᠲᠤ ᠰᠠᠭᠤᠷᠢᠯᠠᠭᠰᠠᠨ ᠪᠠᠴᠢᠮ ᠪᠠᠶᠢᠳᠠᠯ ᠢ ᠠᠷᠭᠠᠴᠠᠬᠤ ᠴᠢᠮᠡᠭᠡ | ᠬᠤᠯᠪᠣᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠶ᠃ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠴᠢᠮᠡᠭᠡ ᠬᠤᠯᠪᠣᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ︵ᠳᠤᠯᠤᠭ᠎ᠠ︶ ᠵᠠᠮ ᠲᠡᠭᠡᠭᠡᠪᠤᠷᠢ ᠶᠢᠨ ᠪᠠᠲᠤᠯᠠᠮᠵᠢ | ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠵᠠᠮ ᠬᠠᠷᠢᠯᠴᠠᠭ᠎ᠠ ᠳᠡᠭᠡᠭᠡᠪᠦᠷᠢ ᠶᠢᠨ ᠬᠠᠮᠳᠣᠷᠡᠨ ᠬᠦᠳᠡᠯᠥᠯᠴᠡᠬᠦ ᠲᠣᠠᠠᠳᠡᠴᠠ ᠪᠠ ᠪᠠᠴᠢᠮ ᠪᠠᠶᠢᠳᠡᠯ ᠢ ᠠᠷᠭᠠᠴᠠᠵᠦ ᠨᠡᠪᠳᠡᠷᠡᠬᠦ ᠲᠣᠠᠠᠳᠡᠴᠠ ᠶᠢ | ᠪᠠᠶᠢᠭᠤᠯᠥᠨ ᠪᠦᠷᠢᠨᠰᠢᠬᠦᠯᠵᠦ᠂ ᠪᠠᠴᠢᠮ ᠪᠠᠶᠢᠳᠡᠯ ᠲᠣᠣᠷᠡᠬᠢ ᠪᠠᠴᠢᠮ ᠪᠠᠶᠢᠳᠡᠯ ᠢ ᠠᠷᠭᠠᠴᠠᠬᠤ ᠵᠠᠮ ᠬᠠᠷᠢᠯᠴᠠᠭ᠎ᠠ ᠶᠢᠨ ᠪᠠᠭᠠᠵᠢ ᠶᠢ ᠣᠷᠢᠳᠡᠪᠡᠷ ᠲᠣᠬᠢᠷᠡᠭᠤᠯᠵᠦ᠂ ᠣᠷᠢᠳᠡᠪᠡᠷ ᠶᠠᠪᠤᠭᠤᠯᠬᠤ ᠶᠢ ᠦᠨᠡᠨᠬᠦ ᠪᠠᠳᠣᠯᠠᠵᠦ᠂ ᠶᠡᠷᠦᠩᠭᠡᠶᠢᠯᠡᠭᠰᠡᠨ ᠳᠡᠭᠡᠭᠡᠪᠦᠷᠢ ᠶᠢᠨ ᠴᠢᠳᠡᠪᠦᠷᠢ ᠶᠢ ᠳᠡᠭᠡᠭᠰᠢᠯᠡᠬᠦᠯᠬᠦ ᠭᠡᠷᠡᠭᠳᠡᠢ᠃ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠬᠠᠳᠠ ᠶᠢᠨ ᠰᠠᠯᠪᠤᠷᠢ ᠠᠩᠭᠢ ᠵᠡᠷᠭᠡ ᠡᠬᠢ ᠪᠠᠶᠠᠯᠢᠭ ᠲᠤ ᠲᠦᠰᠢᠭᠯᠡᠨ᠂ ᠪᠠᠴᠢᠮ ᠪᠠᠶᠢᠳᠠᠯ ᠢ | ᠠᠷᠭᠠᠴᠠᠬᠤ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ | ︵ᠨᠠᠢᠮᠠ︶ ᠮᠡᠷᠭᠡᠵᠢᠯ ᠤᠨ ᠪᠠᠲᠤᠯᠠᠭ᠎ᠠ | ᠡᠯ᠎ᠡ ᠱᠠᠲᠤᠨ ᠤ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠲᠤᠰᠬᠠᠢ ᠮᠡᠷᠭᠡᠵᠢᠯᠲᠡᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ ᠤᠯᠠᠭᠠᠨᠬᠠᠳᠠ ᠬᠤᠲᠠ ᠶᠢᠨ ᠵᠢᠯᠤᠭᠤᠳᠬᠤ ᠭᠠᠵᠠᠷ ᠤᠨ ᠠᠯᠪᠠᠨ ᠭᠡᠷ ᠨᠢ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠠᠳᠡᠯ ᠢ ᠰᠢᠢᠳᠪᠦᠷᠢᠯᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠡᠷᠡᠭᠴᠡᠭᠡ ᠪᠠᠨ | ᠦᠨᠳᠦᠰᠦᠯᠡᠨ ᠲᠤᠰᠬᠠᠶ ᠮᠡᠷᠭᠡᠵᠢᠯᠲᠡᠨ ᠢ ᠰᠢᠯᠵᠢᠭᠦᠯᠦᠨ ᠲᠤᠬᠠᠶ ᠶᠢᠨ ᠭᠠᠵᠠᠷ ᠲᠤᠨᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠬᠢᠬᠦ ᠬᠡᠷᠡᠭᠲᠡᠶ᠃ | | |