ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 28᠎ ᠤ ᠡᠳᠦᠷ᠂ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠯᠢᠦ ᠶᠠ ᠳ᠋ᠦᠩ ᠬᠤᠷᠠᠯ ᠳᠤ ᠣᠷᠣᠯᠴᠠᠪᠠ᠃    ᠬᠤᠷᠠᠯ ᠠᠴᠠ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠮᠡᠳᠡᠭᠳᠡᠭᠰᠡᠨ ᠪᠥᠭᠡᠳ ᠲᠥᠷᠥ ᠶᠢᠨ ᠪᠣᠳᠣᠯᠭ᠎ᠠ ᠶᠢᠨ ᠡᠮᠬᠢᠳᠬᠡᠯ ᠢ ᠨᠡᠶᠢᠲᠡᠯᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠤᠰ ᠲᠤᠰ ᠶᠠᠷᠢᠶ᠎ᠠ ᠲᠠᠯᠪᠢᠪᠠ᠃    ᠲᠢᠶᠠᠨ ᠴᠧᠨ ᠭᠤᠸᠠᠩ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠪᠦᠬᠦ ᠬᠤᠳᠠ ᠶᠢᠨ ᠡᠭᠦᠷᠭᠡ ᠬᠠᠷᠠᠯᠲᠠ ᠲᠠᠢ ᠨᠢᠭᠲᠠ ᠤᠶᠠᠯᠳᠤᠭᠤᠯᠵᠤ᠂ ᠮᠠᠨ ᠤ ᠬᠤᠳᠠ ᠶᠢᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠬᠦ ᠲᠠᠯ᠎ᠠ ᠎ ᠪᠠᠷ ᠴᠢᠩᠭᠠᠳᠬᠠᠨ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠴᠢᠭᠯᠡᠯ ᠪᠠ ᠠᠷᠭ᠎ᠠ ᠵᠠᠮ ᠢ ᠣᠨᠣᠪᠴᠢᠲᠠᠢ ᠡᠷᠢᠨ ᠣᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾ ᠨᠡᠮᠡᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠡᠵᠡᠨ ᠬᠥᠮᠥᠨ︾᠎ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠵᠣᠯᠭᠠᠭᠤᠯᠬᠤ ᠲᠠᠪᠴᠠᠩ ᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠶᠢ ᠵᠣᠯᠭᠠᠭᠤᠯᠬᠤ ᠶᠠᠰᠤ ᠴᠢᠨᠠᠷ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠢᠢᠳᠪᠦᠷᠢᠯᠡᠬᠦ ᠰᠡᠳᠬᠢᠬᠦᠢ ᠶᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠮᠥᠩᠭᠦᠨ ᠭᠦᠢᠯᠭᠡᠭᠡᠨ ᠤ ᠬᠡᠳᠦ ᠳᠡᠯᠭᠡᠭᠦᠷ ᠢ ᠲᠣᠭᠤᠷᠢᠨ ᠦᠵᠡᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ