ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠯᠠᠭᠠᠨᠬᠠᠳᠠ ᠬᠤᠲᠠ ᠶᠢᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠲᠠᠷᠬᠠᠭᠠᠬᠤ ᠲᠤᠬᠠᠢ  ᠮᠡᠳᠡᠭᠳᠡᠯ
ᠨᠡᠶᠢᠲᠡᠯᠡᠭᠰᠡᠨ ᠴᠠᠭ᠄
2024/4/12
     ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄    ︽ᠤᠯᠠᠭᠠᠨᠬᠠᠳᠠ ᠬᠤᠲᠠ ᠶᠢᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                                               2024 ᠣᠨ ᠤ 3 ᠰᠠᠷ᠎ᠠ ᠶᠢᠨ 12᠎ ᠤᠨ ᠡᠳᠦᠷ    ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 

ᠤᠯᠠᠭᠠᠨᠬᠠᠳᠠ ᠬᠤᠲᠠ ᠶᠢᠨ ᠰᠦᠯᠢᠶᠥᠦ ᠪᠦᠷᠬᠦᠪᠴᠢ ᠶᠢᠨ ᠪᠣᠬᠢᠷᠲᠤᠯ ᠢ

ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠠᠷᠪᠠᠨ ᠵᠦᠢᠯ ᠤᠨ ᠠᠷᠭ᠎ᠠ ᠬᠡᠮᠵᠢᠶ᠎ᠡ

    ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ ᠶᠢᠨ ᠲᠥᠯᠥᠭᠡ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ

ᠪᠠᠭᠠᠰᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂

ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾᠂ ︽

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︵

ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠂ ︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ

ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠳᠣᠣᠷᠠᠬᠢ

ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃

    ᠨᠢᠭᠡ᠂ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠎ᠠ᠃ ︽ᠬᠡᠨ ᠬᠡᠷᠡᠭᠯᠡᠪᠡᠯ᠂ ᠬᠡᠨ ᠬᠤᠷᠢᠶᠠᠨ ᠠᠪᠬᠤ᠂ ᠬᠡᠨ ᠪᠣᠬᠢᠷᠲᠤᠭᠤᠯᠪᠠᠯ᠂ ᠬᠡᠨ ᠵᠠᠰᠠᠬᠤ︾

ᠵᠠᠷᠴᠢᠮ ᠶᠣᠰᠣᠭᠠᠷ᠂ ᠪᠣᠳᠠᠲᠤ ᠪᠦᠷᠬᠦᠭᠦᠯ ᠤᠨ ᠬᠡᠷᠡᠭᠯᠡᠭᠴᠢ ᠶᠢᠨ ᠬᠤᠷᠢᠶᠠᠨ ᠠᠪᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠭᠠᠵᠠᠷ ᠰᠢᠷᠣᠢ ᠶᠢᠨ ᠡᠵᠡᠩᠨᠡᠯᠲᠡ

᠎ ᠶᠢᠨ ᠡᠷᠬᠡ ᠶᠢ ᠡᠷᠭᠢᠯᠲᠡ ᠳᠤ ᠣᠷᠣᠭᠤᠯᠬᠤ ᠳᠤ ᠬᠤᠯᠪᠣᠭᠳᠠᠭᠰᠠᠨ ᠪᠠᠶᠢᠪᠠᠯ᠂ ᠭᠠᠵᠠᠷ ᠰᠢᠷᠣᠢ ᠶᠢᠨ ᠳᠠᠭᠠᠭᠠᠴᠢᠯᠠᠭᠴᠢ ᠬᠢᠭᠡᠳ ᠰᠢᠯᠵᠢᠭᠦᠯᠦᠨ ᠠᠪᠤᠭᠴᠢ ᠨᠢ ᠭᠠᠵᠠᠷ

ᠰᠢᠷᠣᠢ ᠶᠢᠨ ᠡᠵᠡᠩᠨᠡᠯᠲᠡ ᠶᠢᠨ ᠡᠷᠭᠢᠯᠲᠡ ᠶᠢᠨ ᠭᠡᠷ᠎ᠡ ᠲᠣᠭᠲᠠᠬᠤ ᠳᠠᠭᠠᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠲᠤᠬᠠᠢ ᠪᠣᠯᠵᠣᠨ ᠲᠣᠭᠲᠠᠬᠤ ᠬᠡᠷᠡᠭᠲᠡᠢ᠃

ᠡᠯ᠎ᠡ ᠬᠤᠰᠢᠭᠤ ᠰᠢᠶᠠᠨ ᠲᠣᠭᠤᠷᠢᠭ ᠨᠢ ᠲᠠᠷᠢᠶᠠᠨ ᠭᠠᠵᠠᠷ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ ᠶᠢ ᠬᠠᠶᠠᠭᠳᠠᠮᠠᠯ ᠬᠠᠭᠤᠴᠢᠨ

ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠯᠤᠭ᠎ᠠ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠰᠤᠮᠤ ᠰᠢᠶᠠᠩ ᠪᠠᠯᠭᠠᠰᠤ ᠠᠴᠠ ᠵᠣᠬᠢᠶᠠᠨ

ᠪᠠᠶᠢᠭᠤᠯᠤᠨ ᠰᠢᠯᠭᠠᠨ ᠬᠤᠷᠢᠶᠠᠵᠤ᠂ ᠵᠢᠯ ᠪᠦᠷᠢ ᠶᠢᠨ 5 ᠰᠠᠷ᠎ᠠ ᠶᠢᠨ ᠰᠡᠭᠦᠯᠴᠢ ᠠᠴᠠ ᠡᠮᠦᠨ᠎ᠡ ︽ᠳᠦᠷᠢᠮ︾᠎ ᠤᠨ ᠲᠣᠭᠲᠠᠭᠠᠯ ᠶᠣᠰᠣᠭᠠᠷ ᠰᠦᠯᠢᠶᠥᠦ

ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠲᠠᠷᠢᠶᠠᠨ ᠭᠠᠵᠠᠷ ᠠᠴᠠ  ᠰᠠᠯᠭᠠᠨ ᠠᠪᠤᠭᠰᠠᠨ ᠬᠠᠷᠢᠴᠠᠯ ᠨᠢ

ᠪᠠᠷᠢᠮᠵᠢᠶ᠎ᠠ ᠳᠤ ᠬᠦᠷᠦᠭᠰᠡᠨ ᠦᠭᠡᠢ ᠬᠡᠰᠡᠭ ᠭᠠᠵᠠᠷ ᠲᠤ᠂ ᠲᠣᠰ ᠬᠡᠰᠡᠭ ᠭᠠᠵᠠᠷ ᠤᠨ ᠪᠣᠳᠠᠲᠠᠢ ᠬᠠᠮᠢᠶᠠᠷᠤᠭᠴᠢ ᠶᠢᠨ ᠬᠠᠮᠢᠶ᠎ᠠ ᠪᠦᠬᠦᠢ ᠲᠠᠷᠢᠶᠠᠯᠠᠩ ᠳᠤ ᠬᠤᠯᠪᠣᠭᠳᠠᠬᠤ

ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃

    ᠬᠤᠶᠠᠷ᠂ ᠨᠥᠬᠦᠪᠦᠷᠢ ᠥᠭᠬᠦ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠦᠷᠢ ᠣᠯᠭᠤᠬᠤ ᠳᠤ

ᠵᠤᠵᠠᠭᠠᠨ ᠪᠥᠭᠡᠳ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠭᠦᠯ ᠢ ᠮᠦ ᠪᠦᠷᠢ ᠳᠤ ᠳᠤᠮᠳᠠᠴᠢ ᠪᠠᠷ 7 ᠺᠢᠯᠣᠭ᠍ᠷᠠᠮ ᠬᠡᠷᠡᠭᠯᠡᠬᠦ ᠬᠡᠮᠵᠢᠶ᠎ᠡ ᠪᠠᠷ ᠪᠤᠳᠤᠵᠤ᠂ ᠡᠯ᠎ᠡ

ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠠᠴᠠ ᠲᠥᠪᠯᠡᠷᠡᠩᠭᠦᠢ ᠪᠥᠭᠡᠳ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ᠂ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠡᠭᠡᠭᠦᠯᠦᠨ ᠬᠤᠷᠢᠶᠠᠬᠤ ᠳᠤ ᠬᠢᠯᠪᠠᠷ ᠥᠨᠳᠥᠷ ᠪᠠᠷᠢᠮᠵᠢᠶᠠᠲᠤ ᠵᠤᠵᠠᠭᠠᠨ ᠰᠦᠯᠢᠶᠥᠦ ᠪᠦᠷᠬᠦᠭᠦᠯ ᠢ ᠰᠣᠩᠭᠤᠨ ᠬᠤᠳᠠᠯᠳᠤᠨ ᠠᠪᠴᠤ

ᠪᠣᠳᠠᠲᠤ ᠪᠣᠳᠠᠰ ᠤᠨ ᠨᠥᠬᠦᠪᠦᠷᠢ ᠣᠯᠭᠤᠨ᠎ᠠ᠃ ᠲᠥᠪ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠲᠤᠰᠬᠠᠢ ᠮᠥᠩᠭᠦ ᠶᠢ ᠲᠤᠰᠬᠠᠢ ᠵᠦᠢᠯ ᠳᠤ

ᠬᠡᠷᠡᠭᠯᠡᠵᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠨᠢ ᠲᠠᠷᠢᠶᠠᠯᠠᠩ ᠤᠨ

ᠨᠡᠶᠢᠭᠡᠮᠴᠢᠯᠡᠭᠰᠡᠨ ᠦᠢᠯᠡᠴᠢᠯᠡᠭᠡᠨ ᠬᠠᠩᠭᠠᠬᠤ ᠪᠠᠷ ᠭᠤᠣᠯ ᠪᠣᠯᠭᠠᠭᠰᠠᠨ ︽ᠭᠤᠷᠪᠠ ᠶᠢ ᠨᠢᠭᠡ ᠴᠣᠭᠴᠠᠵᠢᠭᠤᠯᠬᠤ︾᠎ ᠪᠠᠷ ᠳᠠᠮᠵᠢᠭᠤᠯᠤᠨ ᠲᠠᠷᠢᠶᠠᠯᠠᠩ ᠤᠨ

ᠦᠢᠯᠡᠴᠢᠯᠡᠭᠡᠨ ᠤ ᠺᠣᠮᠫᠠᠨᠢ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠭᠤᠣᠯ ᠴᠣᠭᠴᠠ ᠨᠢ ᠲᠠᠷᠢᠶᠠᠯᠠᠩ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠥᠪᠡᠷ

᠎ ᠲᠡᠭᠡᠨ ᠪᠡᠯᠡ ᠮᠥᠩᠭᠦ ᠴᠤᠭᠯᠠᠭᠤᠯᠵᠤ ᠪᠠᠷᠢᠮᠵᠢᠶ᠎ᠠ ᠳᠤ ᠨᠡᠶᠢᠴᠡᠭᠰᠡᠨ ᠵᠤᠵᠠᠭᠠᠷᠠᠭᠤᠯᠤᠭᠰᠠᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠴᠤ᠂ ᠬᠡᠮᠵᠢᠶ᠎ᠡ ᠪᠠᠷ

ᠮᠦ ᠪᠠᠷ ᠨᠤᠭᠤᠯᠤᠨ ᠪᠤᠳᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠤᠵᠠᠭᠠᠷᠠᠭᠤᠯᠤᠭᠰᠠᠨ ᠰᠦᠯᠢᠶᠥᠦ ᠪᠦᠷᠬᠦᠪᠴᠢ ᠶᠢ ᠳᠡᠯᠭᠡᠷᠡᠭᠦᠯᠬᠦ ᠲᠠᠯᠠᠪᠠᠶ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠤᠨ᠎ᠠ᠃

    ᠭᠤᠷᠪᠠ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ

ᠲᠣᠬᠢᠷᠠᠮᠵᠢᠲᠠᠢ ᠭᠠᠵᠠᠷ ᠣᠷᠣᠨ ᠳᠤ ᠡᠷᠳᠡᠨᠢ ᠰᠢᠰᠢ᠂ ᠨᠠᠷᠢᠮᠤ ᠶᠢᠨ ᠪᠦᠷᠬᠦᠭᠦᠯ ᠦᠭᠡᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠳᠠᠷᠢᠬᠤ ᠮᠡᠷᠭᠡᠵᠢᠯ ᠢ ᠵᠢᠱᠢᠶ᠎ᠡ

ᠦᠵᠡᠭᠦᠯᠦᠨ ᠳᠡᠯᠭᠡᠷᠡᠭᠦᠯᠵᠦ᠂ ᠡᠷᠳᠡᠨᠢ ᠰᠢᠰᠢ᠂ ᠨᠡᠷᠡᠨ ᠬᠤᠸᠠᠷ ᠵᠡᠷᠭᠡ ᠲᠣᠮᠣ ᠦᠨᠳᠦᠰᠦᠯᠢᠭ ᠲᠠᠷᠢᠮᠠᠯ ᠳᠤ ᠪᠦᠷᠬᠦᠭᠦᠯ ᠤᠨ ᠬᠠᠵᠠᠭᠤ ᠶᠢᠨ ᠳᠠᠷᠢᠬᠤ ᠮᠡᠷᠭᠡᠵᠢᠯ ᠢ

ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠪᠦᠷᠬᠦᠭᠦᠯ ᠤᠨ ᠵᠠᠪᠰᠠᠷ ᠢᠶᠠᠷ ᠳᠠᠷᠢᠬᠤ᠂ ᠨᠢᠭᠡ ᠪᠦᠷᠬᠦᠭᠦᠯ ᠢ ᠬᠤᠶᠠᠷ ᠲᠤ ᠬᠡᠷᠡᠭᠯᠡᠬᠦ ᠵᠡᠷᠭᠡ ᠪᠦᠷᠬᠦᠭᠦᠯ ᠢ ᠪᠠᠭᠠᠰᠬᠠᠬᠤ

ᠰᠢᠨ᠎ᠡ ᠮᠡᠷᠭᠡᠵᠢᠯ ᠢ ᠬᠠᠶᠢᠨ ᠰᠦᠪᠡᠭᠴᠢᠯᠡᠵᠦ᠂ ᠰᠦᠯᠢᠶᠥᠦ ᠪᠦᠷᠬᠦᠭᠦᠯ ᠤᠨ ᠬᠡᠷᠡᠭᠯᠡᠯᠲᠡ ᠶᠢᠨ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠲᠦᠯᠬᠢᠨ

ᠠᠬᠢᠭᠤᠯᠬᠤ ᠬᠡᠷᠡᠭᠲᠡᠢ᠃ ᠲᠥᠮᠥᠰᠥ᠂ ᠰᠢᠬᠢᠷᠯᠢᠭ ᠯᠤᠤᠪᠠᠩ᠂ ᠭᠤᠸᠠ ᠵᠢᠮᠢᠰ ᠢᠳᠡᠰᠢᠨ ᠨᠣᠭᠤᠭ᠎ᠠ ᠵᠡᠷᠭᠡ ᠵᠢᠵᠢᠭ ᠦᠨᠳᠦᠰᠦᠯᠢᠭ ᠲᠠᠷᠢᠮᠠᠯ ᠤᠨ ᠬᠡᠷᠡᠭᠯᠡᠭᠡᠨ ᠤ

ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠶᠢ ᠵᠤᠵᠠᠭᠠᠳᠬᠠᠬᠤ ᠶᠢ ᠶᠡᠬᠡᠪᠡᠷ ᠳᠡᠯᠭᠡᠷᠡᠭᠦᠯᠵᠦ᠂ ᠦᠯᠡᠳᠡᠭᠳᠡᠯ ᠪᠦᠷᠬᠦᠪᠴᠢ ᠶᠢᠨ ᠪᠤᠴᠠᠭᠠᠨ ᠬᠤᠷᠢᠶᠠᠬᠤ

ᠨᠤᠷᠮ᠎ᠠ ᠶᠢ ᠳᠡᠭᠡᠭᠰᠢᠯᠡᠭᠦᠯᠦᠨ᠎ᠡ᠃

    ᠳᠥᠷᠪᠡ᠂ ᠡᠭᠡᠭᠦᠯᠦᠨ ᠬᠤᠷᠢᠶᠠᠵᠤ ᠠᠰᠢᠭᠯᠠᠬᠤ ᠶᠢ ᠴᠢᠩᠭᠠᠳᠬᠠᠨ᠎ᠠ᠃ ᠦᠢᠯᠡᠳᠪᠦᠷᠢᠯᠡᠭᠴᠢᠳ᠂ ᠪᠣᠷᠣᠯᠠᠭᠤᠯᠤᠭᠴᠢᠳ ᠤᠨ ᠪᠣᠷᠤᠯᠠᠭᠤᠯᠭ᠎ᠠ ᠪᠠᠷ ᠣᠷᠣᠯᠭ᠎ᠠ ᠶᠢ

ᠲᠣᠭᠲᠠᠭᠠᠬᠤ᠂ ᠲᠣᠭᠤᠷᠢᠭ ᠬᠤᠪᠢᠶᠠᠨ ᠳᠠᠭᠠᠭᠠᠴᠢᠯᠠᠨ ᠡᠭᠡᠭᠦᠯᠦᠨ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠭᠦᠯ ᠢ

ᠡᠭᠡᠭᠦᠯᠦᠨ ᠬᠤᠷᠢᠶᠠᠵᠤ ᠲᠠᠷᠢᠶᠠᠨ ᠭᠠᠵᠠᠷ ᠠᠴᠠ ᠰᠠᠯᠭᠠᠬᠤ ᠶᠢ ᠲᠦᠯᠬᠢᠨ ᠠᠬᠢᠭᠤᠯᠵᠤ᠂ ᠲᠠᠷᠢᠶᠠᠴᠢᠳ ᠤᠨ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠵᠡᠷᠭᠡ ᠭᠤᠣᠯ

ᠴᠣᠭᠴᠠ ᠶᠢᠨ ᠮᠢᠩᠭᠠᠨ ᠮᠦ ᠠᠴᠠ ᠳᠡᠭᠡᠭᠰᠢ ᠵᠤᠵᠠᠭᠠᠨ ᠰᠦᠯᠢᠶᠥᠦ ᠪᠦᠷᠬᠦᠭᠦᠯ ᠢ ᠬᠡᠷᠡᠭᠯᠡᠬᠦ ᠪᠠ ᠮᠧᠬᠠᠨᠢᠭᠵᠢᠭᠤᠯᠤᠨ ᠡᠭᠡᠭᠦᠯᠦᠨ ᠬᠤᠷᠢᠶᠠᠬᠤ ᠵᠢᠱᠢᠶ᠎ᠡ ᠦᠵᠡᠭᠦᠯᠬᠦ

ᠣᠷᠣᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠬᠤᠲᠠ᠂ ᠬᠤᠰᠢᠭᠤ ᠬᠤᠶᠠᠷ ᠱᠠᠲᠤ ᠨᠢ ᠴᠢᠳᠠᠪᠤᠷᠢ ᠲᠠᠢ ᠡᠭᠡᠭᠦᠯᠦᠨ ᠬᠤᠷᠢᠶᠠᠵᠤ ᠡᠳ᠋ᠰᠢᠭᠦᠯᠬᠦ ᠠᠵᠤ

ᠠᠬᠤᠶᠢᠯᠠᠯ᠂ ᠲᠤᠰᠬᠠᠶᠢᠵᠢᠭᠰᠠᠨ ᠡᠭᠡᠭᠦᠯᠦᠨ ᠬᠤᠷᠢᠶᠠᠬᠤ ᠵᠣᠬᠢᠶᠠᠨ ᠪᠠᠶᠢᠭᠤᠯᠤᠯᠲᠠ ᠳᠤ ᠵᠣᠬᠢᠬᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃

    ᠲᠠᠪᠤ᠂ ᠰᠢᠢᠳᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠰᠤᠮᠤ ᠰᠢᠶᠠᠩ ᠪᠠᠯᠭᠠᠰᠤ ᠶᠢᠨ ᠬᠠᠶᠠᠭᠳᠠᠮᠠᠯ

ᠬᠠᠭᠤᠴᠢᠨ ᠰᠦᠯᠢᠶᠥᠦ ᠪᠦᠷᠬᠦᠭᠦᠯ ᠢ ᠬᠠᠳᠠᠭᠠᠯᠠᠵᠤ ᠵᠥᠭᠡᠭᠡᠪᠦᠷᠢᠯᠡᠬᠦ ᠥᠷᠲᠡᠭᠡ ᠪᠣᠯᠣᠨ ᠭᠠᠴᠠᠭ᠎ᠠ ᠲᠣᠰᠬᠤᠨ ᠤ ᠡᠭᠡᠭᠦᠯᠦᠨ ᠬᠤᠷᠢᠶᠠᠬᠤ ᠲᠣᠣᠷ ᠴᠡᠭ ᠢ ᠰᠢᠨᠵᠢᠯᠡᠬᠦ

ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠰᠦᠯᠢᠶᠥᠦ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠤᠨ ᠳᠠᠬᠢᠨ ᠠᠰᠢᠭᠯᠠᠬᠤ

ᠦᠨ᠎ᠡ ᠥᠷᠲᠡᠭ ᠲᠠᠢ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠭᠦᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠳᠡᠮᠵᠢᠵᠦ᠂ ᠳᠠᠬᠢᠨ ᠠᠰᠢᠭᠯᠠᠬᠤ ᠦᠨ᠎ᠡ

ᠥᠷᠲᠡᠭ ᠦᠭᠡᠢ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠭᠦᠯ ᠢ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ

ᠰᠢᠢᠳᠪᠦᠷᠢᠯᠡᠬᠦ ᠰᠢᠰᠲ᠋ᠧᠮᠵᠢ ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ

ᠵᠠᠰᠠᠬᠤ ᠲᠠᠢ ᠤᠶᠠᠯᠳᠤᠭᠤᠯᠤᠨ ᠬᠤᠣᠷ ᠦᠭᠡᠢ ᠪᠣᠯᠭᠠᠨ ᠰᠢᠢᠳᠪᠦᠷᠢᠯᠡᠵᠦ᠂ ᠳᠤᠷ᠎ᠠ ᠪᠠᠷ ᠢᠶᠠᠨ ᠬᠠᠶᠠᠬᠤ᠂ ᠪᠤᠯᠠᠬᠤ ᠪᠤᠶᠤ ᠰᠢᠲᠠᠭᠠᠵᠤ ᠪᠣᠯᠬᠤ ᠦᠭᠡᠢ᠃

    ᠵᠢᠷᠭᠤᠭ᠎ᠠ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠠᠮᠢ

ᠠᠬᠤᠢ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ

ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠡᠶᠢᠴᠡᠬᠦ ᠦᠭᠡᠢ ᠰᠦᠯᠢᠶᠥᠦ ᠪᠦᠷᠬᠦᠭᠦᠯ ᠢ ᠦᠢᠯᠡᠳᠪᠦᠷᠢᠯᠡᠬᠦ᠂

ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠵᠤ᠂ ᠪᠠᠷᠢᠮᠵᠢᠶ᠎ᠠ ᠳᠤ ᠨᠡᠶᠢᠴᠡᠬᠦ ᠦᠭᠡᠢ ᠰᠦᠯᠢᠶᠥᠦ ᠪᠦᠷᠬᠦᠭᠦᠯ ᠢ ᠦᠢᠯᠡᠳᠪᠦᠷᠢ ᠠᠴᠠ ᠭᠠᠷᠭᠠᠬᠤ᠂ ᠵᠠᠬ᠎ᠠ ᠳᠡᠯᠭᠡᠭᠦᠷ ᠲᠤ

ᠣᠷᠣᠭᠤᠯᠬᠤ᠂ ᠲᠠᠷᠢᠶᠠᠨ ᠭᠠᠵᠠᠷ ᠲᠤ ᠣᠷᠣᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ ᠪᠠᠷᠢᠮᠵᠢᠶ᠎ᠠ ᠳᠤ ᠨᠡᠶᠢᠴᠡᠬᠦ ᠦᠭᠡᠢ ᠰᠦᠯᠢᠶᠥᠦ ᠪᠦᠷᠬᠦᠭᠦᠯ ᠢ

ᠦᠢᠯᠡᠳᠪᠦᠷᠢᠯᠡᠭᠰᠡᠨ᠂ ᠳᠠᠮᠵᠢᠭᠤᠯᠤᠨ ᠪᠣᠷᠣᠯᠠᠭᠤᠯᠤᠭᠰᠠᠨ ᠦᠢᠯᠡᠳᠪᠦᠷᠢ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠢᠴᠢ ᠪᠠᠷᠢᠮᠵᠢᠶ᠎ᠠ ᠳᠤ ᠨᠡᠶᠢᠴᠡᠬᠦ ᠦᠭᠡᠢ

ᠰᠦᠯᠢᠶᠥᠦ ᠪᠦᠷᠬᠦᠭᠦᠯ ᠢ ᠬᠡᠷᠡᠭᠯᠡᠭᠰᠡᠨ᠂ ᠲᠣᠭᠲᠠᠭᠠᠯ ᠶᠣᠰᠣᠭᠠᠷ ᠬᠠᠶᠠᠭᠳᠠᠮᠠᠯ ᠬᠠᠭᠤᠴᠢᠨ ᠰᠦᠯᠢᠶᠥᠦ ᠰᠦᠯᠢᠶᠥᠦ ᠪᠦᠷᠬᠦᠭᠦᠯ ᠢ ᠬᠤᠷᠢᠶᠠᠨ ᠠᠪᠤᠭᠰᠠᠨ ᠦᠭᠡᠢ ᠬᠤᠪᠢ

ᠬᠥᠮᠥᠨ ᠪᠤᠶᠤ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠬᠦᠨᠳᠦ ᠪᠠᠷ ᠰᠢᠳᠭᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠳᠣᠲᠣᠭᠠᠳᠤ ᠶᠢ ᠬᠠᠮᠠᠭᠠᠯᠠᠬᠤ

ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠶᠢᠨ ᠬᠠᠮᠲᠤ ᠰᠣᠨᠢᠨ ᠮᠡᠳᠡᠭᠡᠨ ᠤ ᠵᠠᠭᠤᠴᠢᠯᠠᠭᠤᠷ ᠳᠡᠭᠡᠷ᠎ᠡ ᠢᠯᠡ ᠪᠠᠷ ᠢᠯᠡᠴᠢᠯᠡᠨ᠎ᠡ᠃

    ᠳᠣᠯᠤᠭ᠎ᠠ᠂ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ

ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾᠎ ᠤᠨ ᠠᠷᠪᠠ ᠶᠢᠰᠦᠳᠦᠭᠡᠷ ᠵᠦᠢᠯ ᠤᠨ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ

ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠬᠡᠷᠡᠭᠰᠡᠬᠦ ᠵᠠᠷᠤᠳᠠᠯ ᠢ ᠲᠤᠰ

ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ︾ ᠭᠡᠰᠡᠨ ᠲᠣᠭᠲᠠᠭᠠᠯ ᠢ ᠦᠨᠳᠦᠰᠦᠯᠡᠪᠡᠯ᠂ ᠬᠤᠲᠠ ᠶᠢᠨ ᠱᠠᠲᠤ᠂ ᠬᠤᠰᠢᠭᠤ ᠰᠢᠶᠠᠨ

ᠲᠣᠭᠤᠷᠢᠭ ᠨᠢ ᠲᠠᠷᠢᠶᠠᠯᠠᠩ ᠤᠨ ᠰᠦᠯᠢᠶᠥᠦ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ

ᠲᠥᠰᠥᠪ ᠲᠡᠭᠡᠨ ᠲᠣᠰ ᠲᠣᠰ ᠣᠷᠣᠭᠤᠯᠵᠤ᠂ ᠰᠦᠯᠢᠶᠥᠦ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠵᠤ ᠰᠢᠢᠳᠪᠦᠷᠢᠯᠡᠬᠦ ᠪᠠ ᠳᠠᠬᠢᠨ

ᠠᠰᠢᠭᠯᠠᠬᠤ ᠶᠢ ᠠᠬᠢᠭᠤᠯᠬᠤ ᠬᠡᠷᠡᠭᠲᠡᠢ᠃

    ᠨᠠᠢᠮᠠ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠤᠰᠢᠭᠤ ᠰᠢᠶᠠᠨ ᠲᠣᠭᠤᠷᠢᠭ ᠢᠶᠠᠷ ᠨᠢᠭᠡᠴᠡ ᠪᠣᠯᠭᠠᠨ ᠱᠠᠩᠨᠠᠯ ᠲᠠᠢ ᠢᠯᠡᠴᠢᠯᠡᠨ

ᠮᠡᠳᠡᠭᠦᠯᠬᠦ ᠳᠦᠷᠢᠮ ᠢ ᠪᠠᠶᠢᠭᠤᠯᠵᠤ᠂ ᠥᠷᠭᠡᠨ ᠣᠯᠠᠨ ᠠᠷᠠᠳ ᠲᠦᠮᠡᠨ ᠤ ᠪᠠᠷᠢᠮᠵᠢᠶ᠎ᠠ ᠳᠤ ᠨᠡᠶᠢᠴᠡᠬᠦ ᠦᠭᠡᠢ ᠰᠦᠯᠢᠶᠥᠦ ᠪᠦᠷᠬᠦᠭᠦᠯ ᠢ ᠦᠢᠯᠡᠳᠪᠦᠷᠢᠯᠡᠬᠦ᠂

ᠪᠣᠷᠣᠯᠠᠭᠤᠯᠬᠤ᠂ ᠬᠡᠷᠡᠭᠯᠡᠬᠦ ᠪᠠ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠭᠦᠯ ᠢ ᠲᠣᠭᠲᠠᠭᠠᠯ ᠶᠣᠰᠣᠭᠠᠷ ᠬᠤᠷᠢᠶᠠᠨ ᠠᠪᠴᠤ ᠰᠢᠢᠳᠪᠦᠷᠢᠯᠡᠭᠰᠡᠨ ᠦᠭᠡᠢ ᠬᠠᠤᠯᠢ

᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠬᠤᠲᠠ ᠶᠢᠨ ᠱᠠᠲᠤᠨ ᠠᠴᠠ ᠰᠦᠯᠢᠶᠥᠦ ᠪᠦᠷᠬᠦᠭᠦᠯ ᠢ ᠡᠭᠡᠭᠦᠯᠦᠨ

ᠬᠤᠷᠢᠶᠠᠭᠰᠠᠨ ᠦᠷ᠎ᠡ ᠪᠦᠲᠦᠮᠵᠢ ᠪᠠᠷ ᠲᠣᠪᠣᠶᠢᠮ᠎ᠠ ᠬᠤᠰᠢᠭᠤ ᠰᠢᠶᠠᠨ ᠲᠣᠭᠤᠷᠢᠭ ᠢ ᠱᠠᠩᠨᠠᠨ ᠬᠥᠬᠢᠭᠦᠯᠵᠦ᠂ ᠡᠭᠡᠭᠦᠯᠦᠨ ᠬᠤᠷᠢᠶᠠᠭᠰᠠᠨ ᠦᠷ᠎ᠡ ᠪᠦᠲᠦᠮᠵᠢ ᠪᠠᠷ ᠠᠨᠠᠢ

ᠬᠤᠰᠢᠭᠤ ᠰᠢᠶᠠᠨ ᠲᠣᠭᠤᠷᠢᠭ ᠢ ᠵᠠᠷᠯᠠᠨ ᠮᠡᠳᠡᠭᠳᠡᠵᠦ᠂ ᠳᠠᠷᠠᠭ᠎ᠠ ᠨᠢᠭᠡ ᠵᠢᠯ ᠤᠨ ᠲᠠᠷᠢᠶᠠᠯᠠᠩ ᠳᠤ ᠬᠤᠯᠪᠣᠭᠳᠠᠬᠤ ᠬᠠᠮᠢᠶ᠎ᠠ ᠪᠦᠬᠦᠢ ᠲᠥᠷᠥᠯ ᠵᠦᠢᠯ ᠢ

ᠲᠣᠬᠢᠷᠠᠭᠤᠯᠬᠤ ᠳᠠᠭᠠᠨ ᠬᠠᠷᠭᠤᠭᠤᠯᠤᠨ ᠬᠠᠰᠤᠬᠤ ᠬᠡᠷᠡᠭᠲᠡᠢ᠃

    ᠶᠢᠰᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠲᠠ ᠶᠢᠨ ᠱᠠᠲᠤ ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠬᠤᠰᠢᠭᠤ

ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ᠪᠠᠷ  ᠨᠢᠭᠡᠴᠡ ᠪᠣᠯᠭᠠᠵᠤ᠂ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠲᠣᠥᠷᠵᠢᠭᠤᠯᠤᠭᠰᠠᠨ ᠰᠦᠯᠢᠶᠥᠦ

ᠪᠦᠷᠬᠦᠭᠦᠯ ᠢ ᠬᠤᠷᠢᠶᠠᠨ ᠠᠪᠴᠤ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠱᠠᠲᠤ ᠨᠢ ᠬᠢᠨᠠᠯᠲᠠ ᠲᠠᠯᠪᠢᠵᠤ ᠠᠳᠠᠯᠢᠳᠬᠠᠨ

ᠰᠢᠯᠭᠠᠷᠠᠭᠤᠯᠬᠤ ᠶᠢ ᠬᠠᠷᠢᠭᠤᠴᠠᠨ᠂ ᠬᠤᠰᠢᠭᠤ ᠰᠢᠶᠠᠨ ᠲᠣᠭᠤᠷᠢᠭ ᠨᠢ ᠰᠤᠮᠤ ᠰᠢᠶᠠᠩ ᠪᠠᠯᠭᠠᠰᠤ ᠶᠢ ᠲᠣᠰᠬᠤᠨ ᠳᠠᠷᠠᠭᠠᠯᠠᠨ ᠰᠢᠯᠭᠠᠨ ᠬᠢᠨᠠᠵᠤ ᠰᠢᠯᠭᠠᠨ ᠠᠪᠬᠤ ᠶᠢ

ᠬᠠᠷᠢᠭᠤᠴᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ

ᠪᠠᠶᠢᠯᠳᠤᠬᠤ ᠪᠣᠳᠣᠯᠭ᠎ᠠ ᠶᠢᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠤᠨ᠎ᠠ᠃

    ᠠᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠬᠤᠰᠢᠭᠤ ᠬᠤᠶᠠᠷ ᠱᠠᠲᠤᠨ ᠳᠤ ᠲᠤᠰ ᠲᠤᠰ ᠵᠠᠰᠠᠭ ᠤᠨ

ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ︵ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ︶᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠠᠮᠢ ᠠᠬᠤᠢ ᠶᠢᠨ

ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭ᠎ᠠ

ᠪᠦᠷᠢᠳᠬᠡᠯ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠰᠦᠯᠢᠶᠥᠦ

ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠰᠦᠯᠢᠶᠥᠦ

ᠪᠦᠷᠬᠦᠭᠦᠯ ᠢ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠬᠤᠷᠢᠶᠠᠨ ᠠᠪᠬᠤ᠂ ᠰᠢᠢᠳᠪᠦᠷᠢᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ

ᠰᠤᠳᠤᠯᠤᠨ ᠰᠢᠢᠳᠪᠦᠷᠢᠯᠡᠵᠦ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠭᠦᠯ ᠎ ᠤᠨ ᠪᠣᠬᠢᠷᠲᠤᠯ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ

ᠪᠠᠶᠢᠭᠤᠯᠤᠨ᠎ᠠ᠃

ᠳᠠᠭᠠᠯᠳᠤᠭᠤᠯᠤᠯ᠄ ᠤᠯᠠᠭᠠᠨᠬᠠᠳᠠ ᠬᠤᠲᠠ ᠶᠢᠨ ᠰᠦᠯᠢᠶᠥᠦ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ

ᠵᠣᠬᠢᠴᠠᠭᠤᠯᠬᠤ ᠲᠣᠭᠲᠠᠴᠠ ᠶᠢᠨ ᠨᠡᠷᠡᠰ

 

ᠳᠠᠭᠠᠯᠳᠤᠭᠤᠯᠤᠯ

ᠤᠯᠠᠭᠠᠨᠬᠠᠳᠠ ᠬᠤᠲᠠ ᠶᠢᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ

ᠬᠡᠷᠡᠭᠯᠡᠬᠦ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ ᠵᠣᠬᠢᠴᠠᠭᠤᠯᠬᠤ ᠲᠣᠭᠲᠠᠴᠠ ᠶᠢᠨ ᠨᠡᠷᠡᠰ

ᠳᠤᠭᠤᠶᠢᠯᠠᠩ ᠤᠨ ᠳᠠᠷᠤᠭ᠎ᠠ᠄ ᠹᠦ᠋ ᠱᠧᠦ ᠯᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ

ᠳᠡᠳ᠋ ᠳᠤᠭᠤᠶᠢᠯᠠᠩ ᠤᠨ ᠳᠠᠷᠤᠭ᠎ᠠ᠄ ᠵᠠᠩ ᠱᠧᠩ ᠾᠧ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠣᠪᠴᠢᠶ᠎ᠠ︶᠎ ᠶᠢᠨ ᠲᠣᠪᠴᠢᠶᠠᠨ ᠳᠠᠷᠤᠭ᠎ᠠ

ᠪᠦᠷᠢᠯᠳᠦᠭᠦᠨ᠄ ᠾᠧᠦ ᠴᠢᠦ ᠬᠠᠢ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ

      ᠵᠧᠩ ᠸᠧᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ

ᠸᠠᠩ ᠱᠤᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ

      ᠯᠢ ᠶᠢᠩ ᠨᠠᠨ᠂ ᠬᠤᠲᠠ ᠶᠢᠨ ᠠᠮᠢ ᠠᠬᠤᠢ ᠶᠢᠨ ᠣᠷᠴᠢᠨ  ᠲᠣᠭᠤᠷᠢᠨ ᠤ ᠲᠣᠪᠴᠢᠶ᠎ᠠ ᠶᠢᠨ ᠲᠣᠪᠴᠢᠶᠠᠨ ᠳᠠᠷᠤᠭ᠎ᠠ

      ᠶᠠᠩ ᠮᠧᠩ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ

      ᠷᠧᠨ ᠬᠠᠢ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ 

      ᠪᠠᠢ ᠯᠢᠩ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ 

      ᠯᠢᠦᠢ ᠱᠢ ᠵᠥᠩ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠡᠷᠬᠢᠯᠡᠭᠴᠢ

ᠤᠯᠠᠭᠠᠨᠬᠠᠳᠠ ᠬᠤᠲᠠ ᠶᠢᠨ ᠰᠦᠯᠢᠶᠥᠦ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ ᠵᠣᠬᠢᠴᠠᠭᠤᠯᠬᠤ

ᠲᠣᠭᠲᠠᠴᠠ ᠶᠢᠨ ᠠᠯᠪᠠᠨ ᠭᠡᠷ ᠢ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠣᠪᠴᠢᠶ᠎ᠠ︶᠎ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ

︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠎ ᠶᠢᠨ ᠳᠠᠷᠤᠭ᠎ᠠ ᠵᠠᠩ ᠱᠧᠩ ᠾᠧ ᠬᠠᠪᠰᠤᠷᠭᠠᠨ ᠬᠠᠷᠢᠭᠤᠴᠠᠨ᠎ᠠ᠃

 

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ