ᠰᠢ ᠶᠢᠨ ᠫᠢᠩ ᠮᠠ ᠶᠢᠩ ᠵᠢᠦ ᠨᠠᠷ ᠲᠠᠢ ᠠᠭᠤᠯᠵᠠᠪᠠ
  
2024/4/15

ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ

10 ᠤ ᠦᠳᠡ ᠶᠢᠨ ᠬᠤᠶᠢᠨ᠎ᠠ ᠪᠡᠭᠡᠵᠢᠩ ᠳᠤ ᠮᠠ ᠶᠢᠩ ᠵᠢᠦ

ᠨᠠᠷ ᠲᠠᠢ ᠠᠭᠤᠯᠵᠠᠪᠠ᠃

 

 

4 ᠰᠠᠷ᠎ᠠ ᠶᠢᠨ 10  ᠤ ᠦᠳᠡ ᠶᠢᠨ ᠬᠤᠶᠢᠨ᠎ᠠ᠂ ᠨᠠᠮ ᠤᠨ ᠲᠥᠪ

ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ

ᠮᠠ ᠶᠢᠩ ᠵᠢᠦ ᠨᠠᠷ ᠲᠠᠢ ᠠᠭᠤᠯᠵᠠᠪᠠ᠃

ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ

ᠰᠡᠭᠦᠳᠡᠷᠯᠡᠪᠡ᠃

ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠠᠬ᠎ᠠ ᠳᠡᠭᠦᠦ ᠨᠠᠷ ᠴᠥᠮ ᠳᠤᠮᠳᠠᠳᠤ ᠶᠢᠨ ᠦᠨᠳᠦᠰᠦᠲᠡᠨ ᠳᠤ

ᠬᠠᠷᠢᠶᠠᠯᠠᠭᠳᠠᠨ᠎ᠠ᠃ ᠳᠤᠮᠳᠠᠳᠤ ᠶᠢᠨ ᠦᠨᠳᠦᠰᠦᠲᠡᠨ ᠪᠣᠯ

ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠪᠠᠶᠢᠵᠤ᠂ ᠥᠨᠢ

ᠤᠳᠠᠭᠠᠨ ᠤᠯᠠᠮᠵᠢᠯᠠᠯ ᠲᠠᠢ᠂ ᠭᠡᠷᠡᠯ ᠰᠠᠴᠤᠷᠠᠩᠭᠤᠢ ᠪᠥᠭᠡᠳ

ᠳᠡᠯᠡᠬᠡᠢ ᠳ᠋ᠠᠬᠢᠨ ᠳᠤ ᠬᠤᠣᠰ ᠦᠭᠡᠢ ᠳᠤᠮᠳᠠᠳᠤ ᠶᠢᠨ

ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ

ᠬᠥᠪᠡᠭᠦᠳ ᠥᠬᠢᠳ ᠨᠢᠭᠡ ᠪᠦᠷᠢ ᠴᠥᠮ ᠡᠭᠦᠨ ᠤ ᠲᠥᠯᠥᠭᠡ

ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃

ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ ᠤᠷᠲᠤ

ᠤᠳᠠᠭᠠᠨ ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ

ᠲᠠᠶᠢᠸᠠᠨ ᠳᠤ ᠨᠡᠭᠦᠳᠡᠯᠯᠡᠨ ᠰᠠᠭᠤᠷᠢᠰᠢᠵᠤ᠂ ᠤᠳᠤᠮ ᠤᠭᠰᠠᠭ᠎ᠠ

ᠵᠠᠯᠭᠠᠵᠤ ᠠᠮᠢᠳᠤᠷᠠᠭᠰᠠᠨ ᠢ ᠲᠡᠮᠳᠡᠭᠯᠡᠵᠦ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ

ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂

ᠲᠠᠶᠢᠸᠠᠨ ᠢ ᠰᠡᠷᠭᠦᠭᠡᠨ ᠮᠠᠨᠳᠤᠭᠤᠯᠤᠭᠰᠠᠨ ᠢ

ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠠᠯᠵᠤ

ᠪᠣᠯᠣᠰᠢ ᠦᠭᠡᠢ ᠲᠡᠦᠬᠡ ᠶᠢ ᠪᠢᠴᠢᠭᠯᠡᠵᠦ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ

ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ

ᠬᠡᠷᠡᠭ ᠢ ᠰᠡᠶᠢᠯᠦᠭᠰᠡᠨ ᠶᠤᠮ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ

ᠨᠠᠷ ᠪᠣᠯ ᠴᠥᠮ ᠳᠤᠮᠳᠠᠳᠤ ᠤᠯᠤᠰ ᠤᠨ ᠬᠥᠮᠥᠨ ᠮᠥᠨ᠂ ᠶᠠᠮᠠᠷ ᠴᠤ

ᠠᠯᠳᠠᠷᠠᠭᠠᠵᠤ ᠲᠠᠶᠢᠯᠭᠦ ᠦᠭᠡᠢ ᠰᠡᠳᠬᠢᠯ ᠤᠨ ᠵᠠᠩᠭᠢᠷᠠᠭ᠎ᠠ

ᠭᠡᠵᠦ ᠪᠠᠶᠢᠳᠠᠭ ᠦᠭᠡᠢ᠂ ᠶᠠᠮᠠᠷ ᠴᠤ ᠵᠥᠪᠳᠡᠯᠴᠡᠵᠦ ᠲᠠᠶᠢᠯᠭᠦ

ᠦᠭᠡᠢ ᠠᠰᠠᠭᠤᠳᠠᠯ ᠭᠡᠵᠦ ᠪᠠᠶᠢᠳᠠᠭ ᠦᠭᠡᠢ᠂ ᠶᠠᠮᠠᠷ ᠴᠤ ᠬᠦᠴᠦᠨ

ᠭᠡᠳ ᠪᠢᠳᠡᠨ ᠢ ᠰᠠᠯᠭᠠᠵᠤ ᠳᠡᠶᠢᠯᠭᠦ ᠦᠭᠡᠢ ᠶᠤᠮ᠃ ᠳᠠᠯᠠᠢ ᠶᠢᠨ

ᠬᠤᠭᠤᠯᠠᠢ ᠶᠢᠨ ᠬᠤᠭᠤᠷᠣᠨᠳᠣᠭᠢ ᠵᠠᠢ ᠨᠢ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ

ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ ᠲᠠᠶᠢᠯᠭᠦ

ᠦᠭᠡᠢ ᠶᠤᠮ᠃ ᠪᠠᠶᠢᠭᠤᠯᠤᠯ ᠤᠨ ᠠᠳᠠᠯᠢ ᠪᠤᠰᠤ ᠨᠢ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠨᠢᠭᠡ ᠤᠯᠤᠰ᠂

ᠨᠢᠭᠡ ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ ᠪᠣᠳᠠᠲᠤ

ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃

ᠭᠠᠳᠠᠭᠠᠳᠤ ᠶᠢᠨ ᠭᠠᠷ ᠳᠦᠷᠦᠯᠲᠡ ᠨᠢ ᠤᠯᠤᠰ ᠭᠡᠷ ᠢᠶᠠᠷ ᠢᠶᠠᠨ

ᠪᠦᠯᠬᠦᠮᠳᠡᠨ ᠨᠢᠭᠡᠳᠬᠦ ᠲᠡᠦᠬᠡ ᠶᠢᠨ ᠶᠡᠭᠡ ᠬᠠᠨᠳᠤᠰᠢ ᠶᠢ

ᠬᠤᠷᠢᠭᠯᠠᠵᠤ ᠴᠢᠳᠠᠬᠤ ᠦᠭᠡᠢ ᠶᠤᠮ᠃ ᠲᠠᠶᠢᠸᠠᠨ ᠬᠤᠭᠤᠯᠠᠢ ᠶᠢᠨ

ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ ᠢᠷᠡᠭᠰᠡᠨ

ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶᠢᠵᠤ᠂

ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ

ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃

ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂

ᠦᠨᠳᠦᠰᠦᠲᠡᠨ ᠤ ᠢᠷᠡᠭᠡᠳᠦᠢ ᠮᠥᠨ᠃ ᠲᠠᠶᠢᠸᠠᠨ ᠬᠤᠭᠤᠯᠠᠢ ᠶᠢᠨ

ᠬᠤᠶᠠᠷ ᠬᠥᠪᠡᠭᠡᠨ ᠤ ᠵᠠᠯᠠᠭᠤᠴᠤᠳ ᠰᠠᠶᠢᠨ ᠪᠠᠶᠢᠪᠠᠯ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠢᠷᠡᠭᠡᠳᠦᠢ ᠰᠠᠶ᠋ᠢ

ᠰᠠᠶᠢᠨ ᠪᠠᠶᠢᠵᠤ ᠴᠢᠳᠠᠨ᠎ᠠ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠵᠠᠯᠠᠭᠤᠴᠤᠳ ᠳᠤᠮᠳᠠᠳᠤ ᠤᠯᠤᠰ ᠤᠨ ᠬᠥᠮᠥᠨ

ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ

ᠵᠣᠷᠢᠭ ᠢᠶᠠᠨ ᠴᠢᠩᠭᠠᠷᠠᠭᠤᠯᠵᠤ᠂ ᠳᠤᠮᠳᠠᠳᠤ ᠶᠢᠨ

ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ

ᠬᠠᠮᠲᠤ ᠪᠠᠷ ᠡᠭᠦᠳᠴᠦ᠂ ᠳᠤᠮᠳᠠᠳᠤ ᠶᠢᠨ ᠦᠨᠳᠦᠰᠦᠲᠡᠨ ᠤ

ᠲᠡᠦᠬᠡ ᠶᠢᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ

ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭᠠᠵᠤ

ᠭᠠᠷᠭᠠᠪᠠ᠃

ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ ᠤᠯᠠᠮᠵᠢᠯᠠᠯ ᠲᠠᠢ᠂

ᠬᠠᠮᠲᠤ ᠶᠢᠨ ᠰᠣᠶᠣᠯ᠂ ᠬᠠᠮᠲᠤ ᠶᠢᠨ ᠲᠡᠦᠬᠡ ᠲᠠᠢ ᠶᠤᠮ᠂ ᠨᠠᠩ

ᠴᠢᠬᠤᠯᠠ ᠨᠢ ᠪᠢᠳᠡ ᠦᠨᠳᠦᠰᠦᠲᠡᠨ ᠳᠡᠭᠡᠨ ᠬᠠᠮᠲᠤ ᠶᠢᠨ

ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ ᠬᠠᠮᠲᠤ ᠶᠢᠨ

ᠬᠦᠰᠡᠯ ᠡᠷᠡᠮᠡᠯᠵᠡᠯ ᠲᠠᠢ ᠪᠠᠶᠢᠬᠤ ᠶᠠᠪᠤᠳᠠᠯ ᠪᠣᠯᠣᠨ᠎ᠠ᠃

ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ

ᠠᠰᠢᠭ ᠲᠤᠰᠠ ᠪᠣᠯᠣᠨ ᠠᠯᠤᠰ ᠭᠡᠳᠤ ᠶᠢᠨ ᠬᠥᠭᠵᠢᠯᠲᠡ ᠠᠴᠠ

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃

ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ

ᠬᠡᠷᠡᠭᠲᠡᠢ᠃ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ

ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ

ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ

ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠶᠢᠨ ᠦᠶ᠎ᠡ ᠪᠠᠷ

ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ

ᠦᠷᠭᠦᠯᠵᠢᠯᠡᠭᠰᠡᠨ ᠤ ᠵᠠᠩᠭᠢᠯᠠᠭ᠎ᠠ ᠨᠢ ᠳᠤᠮᠳᠠᠳᠤ ᠶᠢᠨ

ᠦᠨᠳᠦᠰᠦᠲᠡᠨ ᠳᠤ ᠢᠮᠠᠭᠲᠠ ᠤᠯᠤᠰ ᠤᠨ ᠨᠤᠲᠤᠭ ᠳᠡᠪᠢᠰᠬᠡᠷ ᠢ

ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ

ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂

ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ

ᠬᠠᠮᠲᠤ ᠶᠢᠨ ᠢᠲᠡᠭᠡᠯ ᠵᠣᠷᠢᠭ ᠲᠠᠢ ᠪᠠᠶᠢᠳᠠᠭ ᠲᠤ

ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ

ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ

ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ

ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ

︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ

ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ

ᠡᠷᠡᠰ ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠵᠤ᠂

ᠨᠠᠶᠢᠷᠠᠮᠳᠠᠯ ᠢᠶᠠᠷ ᠨᠢᠭᠡᠳᠬᠡᠬᠦ ᠰᠠᠶᠢᠨ ᠰᠠᠶᠢᠬᠠᠨ

ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂

ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ

ᠳᠤᠮᠳᠠᠳᠤᠴᠤᠳ ᠤᠨ ᠥᠪᠡᠷ ᠤᠨ ᠬᠢᠨᠢ ᠭᠠᠷ ᠲᠤ ᠪᠠᠲᠤ

ᠡᠵᠡᠮᠰᠢᠭᠦᠯᠬᠦ ᠬᠡᠷᠡᠭᠲᠡᠢ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ

ᠨᠠᠷ ᠴᠥᠮ ᠭᠡᠷ ᠣᠷᠣᠨ ᠨᠢ ᠡᠩᠬᠡ ᠲᠠᠶᠢᠪᠤᠩ ᠠᠮᠤᠷ ᠠᠮᠤᠭᠤᠯᠠᠩ᠂

ᠭᠡᠷ ᠪᠦᠯᠢ ᠪᠠᠷ ᠢᠶᠠᠨ ᠡᠶ᠎ᠡ ᠵᠣᠬᠢᠴᠠᠩᠭᠤᠢ ᠪᠠᠷ ᠬᠠᠮᠲᠤ

ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ

ᠡᠷᠬᠡᠪᠰᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ

ᠠᠬᠢᠭᠤᠯᠬᠤ ᠬᠡᠷᠡᠭᠲᠡᠢ᠂ ᠵᠠᠩᠭᠢᠯᠠᠭ᠎ᠠ ᠨᠢ ᠨᠢᠭᠡ ᠳᠤᠮᠳᠠᠳᠤ

ᠤᠯᠤᠰ ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ ᠬᠤᠶᠠᠷ

ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠳᠤ ᠪᠤᠢ᠂

ᠭᠤᠣᠯᠳᠠᠯᠭ᠎ᠠ ᠨᠢ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠬᠢᠨ ᠪᠣᠯ ᠨᠢᠭᠡ ᠤᠯᠤᠰ᠂ ᠨᠢᠭᠡ ᠦᠨᠳᠦᠰᠦᠲᠡᠨ ᠳᠤ

ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ

ᠬᠠᠮᠲᠤ ᠶᠢᠨ ᠲᠠᠨᠢᠯᠲᠠ ᠲᠠᠢ ᠪᠠᠶᠢᠬᠤ ᠳᠤ ᠪᠤᠢ᠃ ᠤᠯᠤᠰ

ᠣᠷᠣᠨ ᠢ ᠬᠠᠭᠠᠴᠠᠭᠤᠯᠬᠤ ᠦᠭᠡᠢ ᠯᠡ ᠶᠤᠮ ᠪᠣᠯ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠳᠤᠮᠳᠠᠳᠤ

ᠤᠯᠤᠰ ᠤᠨ ᠬᠥᠮᠥᠨ᠂ ᠨᠢᠭᠡ ᠭᠡᠷ ᠤᠨ ᠬᠥᠮᠥᠨ ᠮᠥᠨ ᠭᠡᠳᠡᠭ ᠢ

ᠮᠡᠳᠡᠷᠡᠳᠡᠭ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ

ᠬᠥᠮᠥᠰ ᠤᠨ ᠤᠴᠢᠷ ᠢᠶᠠᠨ ᠤᠷᠢᠳ ᠢᠶᠠᠷ ᠬᠠᠷᠢᠯᠴᠠᠵᠤ

ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ

ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ

ᠨᠡᠮᠡᠭᠳᠡᠭᠦᠯᠵᠦ᠂ ᠵᠥᠷᠢᠴᠡᠯ ᠢ ᠠᠷᠢᠯᠭᠠᠵᠤ᠂ ᠬᠠᠮᠲᠤ ᠶᠢᠨ

ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃

ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ

ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ

ᠴᠣᠭᠴᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ

ᠪᠣᠯ ᠪᠢᠳᠡᠨ ᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ

ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ ᠲᠤᠰᠤᠯᠲᠠ

ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ

ᠵᠢᠷᠭᠠᠯ ᠢ ᠬᠠᠮᠲᠤ ᠪᠠᠷ ᠴᠣᠭᠴᠠᠯᠠᠬᠤ ᠬᠠᠷᠠᠯᠲᠠ ᠮᠠᠰᠢ ᠠᠤᠭ᠎ᠠ

ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ

ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ

ᠡᠷᠡᠮᠡᠯᠵᠡᠯ ᠢ ᠪᠡᠶᠡᠯᠡᠭᠦᠯᠵᠦ᠂ ᠲᠠᠶᠢᠸᠠᠨ ᠤ ᠠᠬ᠎ᠠ ᠳᠡᠭᠦᠦ

ᠨᠠᠷ ᠢ ᠪᠠᠭᠲᠠᠭᠠᠭᠰᠠᠨ ᠪᠦᠭᠦ ᠳᠤᠮᠳᠠᠳᠤᠴᠤᠳ ᠢ ᠨᠡᠩ ᠰᠠᠶᠢᠨ

ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ

ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ

ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠠᠪᠤᠳᠠᠯ

ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦᠩᠰᠢᠭᠤᠷ ᠭᠠᠷᠤᠢ

ᠠᠬ᠎ᠠ ᠳᠡᠭᠦᠦ ᠨᠠᠷ ᠢᠶᠠᠨ ᠳᠠᠭᠠᠭᠤᠯᠤᠨ ᠰᠠᠶᠢᠨ ᠰᠠᠶᠢᠬᠠᠨ

ᠠᠮᠢᠳᠤᠷᠠᠯ ᠢ ᠡᠳ᠋ᠯᠡᠬᠦ ᠴᠢᠳᠠᠪᠤᠷᠢ ᠲᠠᠢ ᠪᠥᠭᠡᠳ

ᠲᠠᠶᠢᠸᠠᠨ ᠤ ᠠᠬ᠎ᠠ ᠳᠡᠭᠦᠦ ᠨᠠᠷ ᠲᠠᠢ ᠬᠠᠮᠲᠤ ᠰᠠᠶᠢᠨ ᠰᠠᠶᠢᠬᠠᠨ

ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠦᠷᠢᠨ

ᠴᠢᠳᠠᠪᠤᠷᠢ ᠲᠠᠢ ᠶᠤᠮ᠃

ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ

ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ ᠲᠠᠶᠢᠸᠠᠨ ᠤ

ᠠᠬ᠎ᠠ ᠳᠡᠭᠦᠦ ᠨᠠᠷ ᠲᠠᠢ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ

ᠬᠤᠪᠢᠶᠠᠯᠴᠠᠵᠤ᠂ ᠡᠬᠡ ᠤᠯᠤᠰ ᠤᠨ ᠡᠬᠡ ᠬᠠᠭᠤᠷᠠᠢ ᠶᠢᠨ

ᠬᠥᠭᠵᠢᠯᠲᠡ ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ

ᠡᠳ᠋ᠯᠡᠵᠦ᠂ ᠢᠳᠡᠪᠬᠢᠲᠡᠢ ᠪᠠᠷ ᠲᠠᠶᠢᠸᠠᠨ ᠤ ᠠᠬ᠎ᠠ ᠳᠡᠭᠦᠦ

ᠨᠠᠷ ᠲᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂

ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠲᠠᠶᠢᠸᠠᠨ ᠤ

ᠠᠬ᠎ᠠ ᠳᠡᠭᠦᠦ ᠨᠠᠷ ᠤᠨ ᠠᠰᠢᠭ ᠲᠤᠰᠠ ᠶᠢ ᠨᠡᠩ ᠤᠯᠠᠨ᠂ ᠪᠤᠶᠠᠨ

ᠵᠢᠷᠭᠠᠯ ᠢ ᠨᠡᠩ ᠪᠣᠳᠠᠲᠠᠢ᠂ ᠢᠷᠡᠭᠡᠳᠦᠢ ᠶᠢ ᠨᠡᠩ ᠰᠠᠶᠢᠨ

ᠰᠠᠶᠢᠬᠠᠨ ᠪᠣᠯᠭᠠᠨ᠎ᠠ᠃

ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤᠷᠲᠤ ᠤᠳᠠᠭᠠᠨ

ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ ᠲᠠᠶᠢᠸᠠᠨ

ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ

ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ

ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ

ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠦᠨᠳᠦᠰᠦᠲᠡᠨ ᠤ

ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ

ᠨᠠᠷ ᠪᠣᠯ ᠶᠡᠷᠦ ᠠᠴᠠ ᠨᠢᠭᠡ ᠭᠡᠷ ᠤᠨ ᠬᠥᠮᠥᠨ ᠪᠣᠯᠬᠤᠷ

ᠦᠷᠭᠦᠯᠵᠢ ᠶᠠᠪᠤᠯᠴᠠᠵᠤ᠂ ᠶᠠᠪᠤᠬᠤ ᠲᠤᠳᠤᠮ ᠣᠶᠢᠷ᠎ᠠ ᠳᠣᠲᠣᠨᠣ

ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ

ᠠᠪᠴᠤ ᠪᠠᠶᠢᠭᠠᠳ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ

ᠢᠳᠡᠪᠬᠢᠲᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ

ᠰᠡᠳᠬᠢᠯ ᠢᠶᠠᠨ ᠰᠣᠯᠢᠯᠴᠠᠬᠤ᠂ ᠶᠠᠪᠤᠯᠴᠠᠭᠠᠨ ᠤ ᠳᠤᠮᠳᠠ

ᠢᠲᠡᠭᠡᠯ ᠢᠶᠠᠨ ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ

ᠣᠯᠣᠯᠴᠠᠬᠤ ᠶᠢ ᠠᠬᠢᠭᠤᠯᠤᠨ᠎ᠠ᠃ ᠪᠢᠳᠡ ᠥᠷᠭᠡᠨ ᠤᠯᠠᠨ

ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ

ᠢᠯᠡᠭᠦᠬᠡᠨ ᠢᠷᠡᠵᠦ ᠠᠶᠢᠯᠴᠢᠯᠠᠬᠤ ᠶᠢ ᠬᠠᠯᠠᠭᠤᠨ ᠢᠶᠠᠷ

ᠤᠷᠢᠵᠤ ᠪᠠᠶᠢᠬᠤ ᠪᠥᠭᠡᠳ ᠡᠬᠡ ᠬᠠᠭᠤᠷᠠᠢ ᠶᠢᠨ ᠠᠷᠠᠳ ᠤᠯᠠᠨ ᠡᠬᠡ

ᠤᠯᠤᠰ ᠤᠨ ᠡᠷᠳᠡᠨᠢ ᠶᠢᠨ ᠠᠷᠠᠯ ᠳᠤ ᠢᠯᠡᠭᠦᠬᠡᠨ ᠣᠴᠢᠵᠤ

ᠦᠵᠡᠬᠦ ᠶᠢ ᠬᠦᠰᠡᠵᠦ ᠪᠠᠶᠢᠨ᠎ᠠ᠃

ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ

ᠵᠣᠷᠢᠭ ᠰᠠᠨᠠᠭᠠᠨ ᠤ ᠠᠮᠢᠨ ᠰᠤᠳᠠᠰᠤ ᠮᠥᠨ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ

ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ ᠮᠥᠨ᠃ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ

ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠵᠤ᠂

ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ

ᠬᠠᠮᠠᠭᠠᠯᠠᠭᠴᠢ᠂ ᠤᠯᠠᠮᠵᠢᠯᠠᠨ ᠵᠠᠯᠭᠠᠮᠵᠢᠯᠠᠭᠴᠢ᠂

ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ

ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ

ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠠᠨ

ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠬᠡᠷᠡᠭᠲᠡᠢ᠃

ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ

ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ

ᠬᠡᠷᠡᠭᠲᠡᠢ᠃ ᠵᠠᠭᠤᠨ ᠵᠢᠯ ᠤᠨ ᠲᠡᠮᠡᠴᠡᠯ ᠢᠶᠠᠷ ᠳᠠᠮᠵᠢᠭᠠᠳ᠂

ᠪᠢᠳᠡ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂

ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ

ᠢᠷᠡᠭᠡᠳᠦᠢ ᠶᠢ ᠤᠭᠲᠤᠨ ᠠᠪᠴᠢᠷᠠᠵᠤ᠂ ᠰᠦᠨ ᠵᠦᠩ ᠱᠠᠨ

ᠠᠪᠤᠭᠠᠢ ᠶᠢᠨ ᠲᠤᠬᠠᠢ ᠶᠢᠨ ᠵᠢᠯ ᠤᠨ ᠵᠢᠷᠤᠭᠯᠠᠭᠰᠠᠨ ᠵᠢᠷᠤᠭ

ᠲᠥᠰᠥᠪ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ

ᠵᠦᠩ ᠱᠠᠨ ᠠᠪᠤᠭᠠᠢ ᠶᠢᠨ ᠵᠢᠱᠢᠭᠰᠡᠨ ᠠᠯᠤᠰ ᠤᠨ ᠲᠥᠰᠥᠪ ᠠᠴᠠ

ᠬᠤᠯᠠ ᠳᠠᠪᠠᠭᠰᠠᠨ ᠮᠠᠰᠢ ᠤᠯᠠᠨ ᠠᠮᠵᠢᠯᠲᠠ ᠪᠦᠲᠦᠮᠵᠢ ᠶᠢ

ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ

ᠮᠠᠨᠳᠤᠯᠲᠠ ᠶᠢᠨ ᠲᠡᠦᠬᠡᠨ ᠬᠦᠷᠳᠦ ᠦᠷᠭᠦᠯᠵᠢᠯᠡᠨ

ᠤᠷᠤᠭᠰᠢᠯᠠᠬᠤ ᠳᠤ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ

ᠬᠥᠯᠥᠰᠦ ᠰᠢᠩᠭᠡᠵᠦ ᠪᠠᠶᠢᠭ᠎ᠠ ᠪᠣᠯᠬᠤᠷ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ

ᠰᠡᠳᠬᠢᠯ ᠨᠢᠭᠡᠳᠦᠨ ᠬᠠᠮᠲᠤ ᠪᠠᠷ ᠡᠭᠦᠳᠴᠦ᠂ ᠦᠷᠭᠦᠯᠵᠢᠯᠡᠨ

ᠲᠡᠮᠡᠴᠡᠬᠦ ᠴᠢᠬᠤᠯᠠᠲᠠᠢ ᠪᠥᠭᠡᠳ ᠡᠴᠦᠰ ᠲᠡᠭᠡᠨ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ

ᠪᠤᠤᠬᠢᠶ᠎ᠠ ᠳᠠᠮᠵᠢᠭᠤᠯᠤᠨ ᠲᠡᠮᠡᠴᠡᠬᠦ ᠶᠠᠪᠤᠴᠠ ᠳᠤ

ᠪᠡᠶᠡᠯᠡᠭᠳᠡᠬᠦ ᠪᠣᠯᠣᠨ᠎ᠠ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠵᠠᠯᠠᠭᠤᠴᠤᠳ ᠯᠠᠪᠲᠠᠢ ᠶᠡᠭᠡ ᠦᠢᠯᠡᠰ ᠢ

ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ

ᠯᠠᠪᠲᠠᠢ ᠴᠢᠳᠠᠬᠤ ᠶᠤᠮ᠃ ᠪᠢᠳᠡ ᠲᠠᠶᠢᠸᠠᠨ ᠤ ᠵᠠᠯᠠᠭᠤᠴᠤᠳ ᠤᠨ

ᠡᠬᠡ ᠤᠯᠤᠰ ᠤᠨ ᠡᠬᠡ ᠬᠠᠭᠤᠷᠠᠢ ᠳᠤ ᠢᠷᠡᠵᠦ ᠬᠦᠰᠡᠯ

ᠵᠡᠭᠦᠳᠦ ᠪᠠᠨ ᠬᠥᠭᠡᠭᠡᠴᠡᠯᠳᠦᠬᠦ᠂ ᠬᠦᠰᠡᠯ ᠵᠡᠭᠦᠳᠦ ᠪᠠᠨ

ᠴᠣᠭᠴᠠᠯᠠᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ

ᠪᠠᠶᠠᠷᠯᠠᠨ ᠤᠭᠲᠤᠵᠤ᠂ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠵᠠᠯᠠᠭᠤᠴᠤᠳ ᠤᠨ ᠦᠰᠦᠨ ᠪᠣᠶᠢᠵᠢᠬᠤ᠂

ᠴᠢᠳᠠᠪᠤᠷᠢᠲᠠᠨ ᠪᠤᠯᠬᠤ᠂ ᠠᠮᠵᠢᠯᠲᠠ ᠣᠯᠬᠤ ᠳᠤ ᠨᠡᠩ ᠰᠠᠶᠢᠨ

ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ

ᠪᠦᠷᠢᠯᠳᠦᠭᠦᠯᠵᠦ ᠥᠭᠭᠦᠨ᠎ᠡ᠃ ᠲᠠᠶᠢᠸᠠᠨ ᠬᠤᠭᠤᠯᠠᠢ ᠶᠢᠨ

ᠬᠤᠶᠠᠷ ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ

ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂

ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ᠂ ᠲᠡᠦᠬᠡ ᠶᠢᠨ

ᠪᠤᠤᠬᠢᠶ᠎ᠠ ᠶᠢ ᠰᠠᠶᠢᠲᠤᠷ ᠭᠦᠶᠦᠵᠦ᠂ ᠦᠨᠳᠦᠰᠦᠲᠡᠨ ᠤ ᠰᠡᠷᠭᠦᠨ

ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ

ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ

ᠴᠢᠬᠤᠯᠠᠴᠢᠯᠠᠪᠠ᠃

ᠰᠢ ᠶᠢᠨ ᠫᠢᠩ᠂ 4 ᠰᠠᠷ᠎ᠠ ᠶᠢᠨ 3 ᠤ ᠡᠳᠦᠷ᠂ ᠬᠤᠸᠠ ᠯᠢᠶᠠᠨ

ᠰᠢᠶᠠᠨ ᠤ ᠲᠡᠯᠡᠶ ᠶᠢᠨ ᠣᠷᠣᠨ ᠳᠤ 7.3 ᠲᠠᠰ ᠤᠨ ᠭᠠᠵᠠᠷ

ᠬᠥᠳᠡᠯᠦᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠨ᠂

ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠳᠤ᠂ ᠪᠢ ᠠᠳᠡᠭᠰᠡᠨ

ᠠᠬᠠᠨ ᠳᠡᠭᠦᠦᠰ ᠢ ᠡᠮᠭᠡᠨᠢᠨ ᠭᠠᠰᠢᠭᠤᠳᠠᠵᠤ ᠪᠠᠶᠢᠬᠤ ᠪᠥᠭᠡᠳ

ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠲᠣᠬᠤᠨᠢᠭᠤᠯᠵᠤ

ᠪᠠᠶᠢᠬᠤ ᠪᠠᠨ ᠢᠯᠡᠳᠬᠡᠵᠦ ᠪᠠᠶᠢᠨ᠎ᠠ ᠭᠡᠵᠦ ᠬᠡᠯᠡᠪᠡ᠃

ᠮᠠ ᠶᠢᠩ ᠵᠢᠦ᠂ ︽ᠶᠡᠷᠡᠨ ᠬᠤᠶᠠᠷ ᠣᠨ ᠤ ᠬᠠᠮᠲᠤ ᠶᠢᠨ

ᠲᠠᠨᠢᠯᠲᠠ︾ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ

ᠲᠣᠭᠲᠠᠨᠢᠭᠤᠯᠬᠤ︾ ᠶᠢ ᠡᠰᠡᠷᠭᠦᠴᠡᠬᠦ ᠪᠣᠯ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ

ᠨᠠᠶᠢᠷᠠᠮᠳᠠᠯ ᠢᠶᠠᠷ ᠬᠥᠭᠵᠢᠭᠦᠯᠬᠦ ᠶᠢᠨ ᠬᠠᠮᠲᠤ ᠶᠢᠨ ᠤᠯᠤᠰ

ᠲᠥᠷᠥ ᠶᠢᠨ ᠰᠠᠭᠤᠷᠢ ᠮᠥᠨ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠷᠠᠳ ᠲᠦᠮᠡᠨ ᠪᠣᠯ ᠴᠥᠮ ᠳᠤᠮᠳᠠᠳᠤ ᠶᠢᠨ

ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠶᠢᠨ ᠦᠷ᠎ᠡ

ᠬᠤᠶᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ

ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ

ᠪᠤᠶᠠᠨ ᠵᠢᠷᠭᠠᠯ ᠢ ᠨᠡᠮᠡᠭᠳᠡᠭᠦᠯᠦᠨ᠂ ᠭᠠᠷ ᠬᠤᠯᠪᠣᠯᠴᠠᠨ

ᠤᠷᠤᠭᠰᠢᠯᠠᠵᠤ᠂ ᠳᠤᠮᠳᠠᠳᠤ ᠤᠯᠤᠰ ᠢᠶᠠᠨ ᠬᠥᠭᠵᠢᠭᠦᠯᠦᠨ

ᠮᠠᠨᠳᠤᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠬᠡᠯᠡᠪᠡ᠃

ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ

ᠲᠥᠯᠥᠭᠡᠯᠡᠭᠴᠢ ᠦᠭᠡ ᠬᠡᠯᠡᠪᠡ᠃

ᠸᠠᠩ ᠬᠤ᠋ ᠨᠢᠩ᠂ ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃

 

          