ᠸᠠᠨ ᠴᠤᠤ ᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12᠎ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠸ ᠴᠢ ᠰᠦᠩᠱᠠᠨ ᠲᠣᠭᠤᠷᠢᠭ ᠲᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠴᠢᠮ ᠶᠠᠭᠠᠷᠠᠯᠲᠠᠢ ᠪᠠᠷ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠨᠠᠷ ᠰᠠᠶᠢᠲᠠᠢ ᠰᠠᠶᠢᠲᠤᠷ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠧᠩ ᠰᠢᠶᠣᠣ ᠪᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠸᠠᠨ ᠴᠤᠤ ᠴᠢ ᠤᠷᠢᠳ ᠬᠤᠵᠢᠳ ᠰᠢᠶᠠ ᠵᠢᠶᠠ ᠳ᠋ᠢᠶᠠᠨ ᠰᠢᠶᠠᠩ ᠤᠨ ᠱᠠᠨ ᠱᠦᠢ ᠫᠦᠸ᠋ᠸ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠪᠣᠯᠣᠨ ᠮᠦ ᠵᠢᠶᠠ ᠶᠢᠩᠽᠢ ᠪᠠᠯᠭᠠᠰᠤᠨ ᠤ ᠢ ᠵᠢᠶᠠ ᠶᠢᠩᠽᠢ ᠲᠣᠰᠬᠤᠨ ᠳᠤ ᠬᠦᠷᠴᠦ᠂ ᠰᠦᠩᠱᠠᠨ ᠲᠣᠭᠤᠷᠢᠭ ᠪᠣᠯᠣᠨ ᠪᠦᠬᠦ ᠬᠤᠳᠠ ᠶᠢᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠰᠢᠶᠠ ᠵᠢᠶᠠ ᠳ᠋ᠢᠶᠠᠨ ᠰᠢᠶᠠᠩ ᠤᠨ ᠪᠠ ᠵᠢᠶᠠ ᠲᠣᠰᠬᠤᠨ ᠤ ᠯᠢᠶᠠᠨ ᠮᠢᠨ ᠸᠧᠢ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠮᠦ ᠵᠢᠶᠠ ᠶᠢᠩᠽᠢ ᠪᠠᠯᠭᠠᠰᠤᠨ ᠤ ᠭᠤᠸᠠᠨ ᠼᠠᠩ ᠭᠧᠦ ᠲᠣᠰᠬᠤᠨ ᠤ ᠲᠠᠷᠢᠶᠠᠴᠢᠳ ᠲᠤ ᠠᠰᠢᠭ ᠬᠦᠷᠲᠡᠭᠡᠬᠦ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠤᠷᠰᠢᠶ᠎ᠠ ᠳᠤ᠂ ᠸᠠᠨ ᠴᠤᠤ ᠴᠢ ᠦᠷ᠎ᠡ᠂ ᠬᠢᠮᠢ ᠶᠢᠨ ᠪᠣᠷᠳᠣᠭᠤᠷ᠂ ᠰᠦᠯᠢᠶᠥᠦ ᠪᠦᠷᠬᠦᠭᠦᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ᠂ ᠬᠡᠷᠡᠭᠯᠡᠬᠦ ᠪᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠴᠦ ᠪᠠᠶᠢᠭ᠎ᠠ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠳᠠᠯ ᠢ ᠣᠶᠢᠯᠠᠭᠠᠪᠠ᠃    ᠸᠠᠨ ᠴᠤᠤ ᠴᠢ᠂ ᠣᠳᠣᠬᠠᠨ ᠳᠤ ᠮᠠᠨ ᠤ ᠬᠤᠲᠠ ᠶᠢᠨ ᠬᠠᠪᠤᠷ ᠤᠨ ᠲᠠᠷᠢᠶᠠᠯᠠᠭ᠎ᠠ ᠨᠢᠭᠡᠨᠲᠡ ᠡᠮᠦᠨ᠎ᠡ ᠠᠴᠠ ᠤᠮᠠᠷᠠᠰᠢ ᠵᠠᠯᠭᠠᠭ᠎ᠠ ᠪᠠᠷ ᠥᠷᠨᠢᠵᠦ ᠪᠠᠶᠢᠭ᠎ᠠ ᠪᠣᠯᠬᠤᠷ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠵᠢᠯᠤᠭᠤᠳᠬᠤ ᠪᠠᠨ ᠴᠢᠩᠭᠠᠳᠬᠠᠵᠤ᠂ ᠰᠠᠶᠢᠨ ᠡᠭᠦᠯᠳᠡᠷ᠂ ᠰᠠᠶᠢᠨ ᠲᠣᠬᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠪᠦᠲᠦᠴᠡ ᠎ ᠶᠢ ᠰᠢᠯᠢᠳᠡᠭᠵᠢᠭᠦᠯᠦᠨ᠂ ᠲᠠᠷᠢᠶᠠᠯᠠᠩ ᠤᠨ ᠮᠠᠰᠢᠨᠴᠢᠯᠠᠯᠲᠠ᠂ ᠣᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠲᠣᠬᠢᠷᠠᠭᠤᠯᠤᠨ ᠠᠰᠢᠭᠯᠠᠵᠤ᠂ ᠪᠥᠬᠦ ᠵᠢᠯ ᠤᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠩ ᠳᠤ ᠦᠢᠯᠡᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠵᠦ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠂ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠎ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠬᠥᠭᠵᠢᠭᠦᠯᠵᠦ᠂ ᠴᠢᠬᠤᠯᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠲᠠᠷᠢᠶᠠᠴᠢᠨ ᠲᠦᠮᠡᠨ ᠢ ᠬᠠᠪᠰᠤᠷᠤᠨ ᠠᠮᠤ ᠪᠤᠳᠠᠭ᠎ᠠ ᠶᠢ ᠰᠠᠶᠢᠨ ᠳᠠᠷᠢᠭᠤᠯᠵᠤ᠂ ᠣᠷᠣᠯᠭ᠎ᠠ ᠶᠢ ᠨᠢ ᠢᠯᠡᠭᠦᠬᠡᠨ ᠨᠡᠮᠡᠭᠳᠡᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠵᠡᠷᠭᠡ ᠲᠥᠬᠦᠭᠡᠷᠦᠮᠵᠢ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠳᠦᠷᠢᠮ ᠢ ᠪᠦᠷᠢᠨᠰᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠰᠦᠩᠱᠠᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ