ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | 10 ᠤ ᠦᠳᠡ ᠶᠢᠨ ᠬᠤᠶᠢᠨ᠎ᠠ ᠪᠡᠭᠡᠵᠢᠩ ᠳᠤ ᠮᠠ ᠶᠢᠩ ᠵᠢᠦ | ᠨᠠᠷ ᠲᠠᠢ ᠠᠭᠤᠯᠵᠠᠪᠠ᠃ | | | 4 ᠰᠠᠷ᠎ᠠ ᠶᠢᠨ 10 ᠤ ᠦᠳᠡ ᠶᠢᠨ ᠬᠤᠶᠢᠨ᠎ᠠ᠂ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ | ᠮᠠ ᠶᠢᠩ ᠵᠢᠦ ᠨᠠᠷ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ᠃ | ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠠᠬ᠎ᠠ ᠳᠡᠭᠦᠦ ᠨᠠᠷ ᠴᠥᠮ ᠳᠤᠮᠳᠠᠳᠤ ᠶᠢᠨ ᠦᠨᠳᠦᠰᠦᠲᠡᠨ ᠳᠤ | ᠬᠠᠷᠢᠶᠠᠯᠠᠭᠳᠠᠨ᠎ᠠ᠃ ᠳᠤᠮᠳᠠᠳᠤ ᠶᠢᠨ ᠦᠨᠳᠦᠰᠦᠲᠡᠨ ᠪᠣᠯ | ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠪᠠᠶᠢᠵᠤ᠂ ᠥᠨᠢ | ᠤᠳᠠᠭᠠᠨ ᠤᠯᠠᠮᠵᠢᠯᠠᠯ ᠲᠠᠢ᠂ ᠭᠡᠷᠡᠯ ᠰᠠᠴᠤᠷᠠᠩᠭᠤᠢ ᠪᠥᠭᠡᠳ | ᠳᠡᠯᠡᠬᠡᠢ ᠳ᠋ᠠᠬᠢᠨ ᠳᠤ ᠬᠤᠣᠰ ᠦᠭᠡᠢ ᠳᠤᠮᠳᠠᠳᠤ ᠶᠢᠨ | ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ | ᠬᠥᠪᠡᠭᠦᠳ ᠥᠬᠢᠳ ᠨᠢᠭᠡ ᠪᠦᠷᠢ ᠴᠥᠮ ᠡᠭᠦᠨ ᠤ ᠲᠥᠯᠥᠭᠡ | ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ | ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ ᠤᠷᠲᠤ | ᠤᠳᠠᠭᠠᠨ ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ | ᠲᠠᠶᠢᠸᠠᠨ ᠳᠤ ᠨᠡᠭᠦᠳᠡᠯᠯᠡᠨ ᠰᠠᠭᠤᠷᠢᠰᠢᠵᠤ᠂ ᠤᠳᠤᠮ ᠤᠭᠰᠠᠭ᠎ᠠ | ᠵᠠᠯᠭᠠᠵᠤ ᠠᠮᠢᠳᠤᠷᠠᠭᠰᠠᠨ ᠢ ᠲᠡᠮᠳᠡᠭᠯᠡᠵᠦ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ | ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂ | ᠲᠠᠶᠢᠸᠠᠨ ᠢ ᠰᠡᠷᠭᠦᠭᠡᠨ ᠮᠠᠨᠳᠤᠭᠤᠯᠤᠭᠰᠠᠨ ᠢ | ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠠᠯᠵᠤ | ᠪᠣᠯᠣᠰᠢ ᠦᠭᠡᠢ ᠲᠡᠦᠬᠡ ᠶᠢ ᠪᠢᠴᠢᠭᠯᠡᠵᠦ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ | ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ | ᠬᠡᠷᠡᠭ ᠢ ᠰᠡᠶᠢᠯᠦᠭᠰᠡᠨ ᠶᠤᠮ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ | ᠨᠠᠷ ᠪᠣᠯ ᠴᠥᠮ ᠳᠤᠮᠳᠠᠳᠤ ᠤᠯᠤᠰ ᠤᠨ ᠬᠥᠮᠥᠨ ᠮᠥᠨ᠂ ᠶᠠᠮᠠᠷ ᠴᠤ | ᠠᠯᠳᠠᠷᠠᠭᠠᠵᠤ ᠲᠠᠶᠢᠯᠭᠦ ᠦᠭᠡᠢ ᠰᠡᠳᠬᠢᠯ ᠤᠨ ᠵᠠᠩᠭᠢᠷᠠᠭ᠎ᠠ | ᠭᠡᠵᠦ ᠪᠠᠶᠢᠳᠠᠭ ᠦᠭᠡᠢ᠂ ᠶᠠᠮᠠᠷ ᠴᠤ ᠵᠥᠪᠳᠡᠯᠴᠡᠵᠦ ᠲᠠᠶᠢᠯᠭᠦ | ᠦᠭᠡᠢ ᠠᠰᠠᠭᠤᠳᠠᠯ ᠭᠡᠵᠦ ᠪᠠᠶᠢᠳᠠᠭ ᠦᠭᠡᠢ᠂ ᠶᠠᠮᠠᠷ ᠴᠤ ᠬᠦᠴᠦᠨ | ᠭᠡᠳ ᠪᠢᠳᠡᠨ ᠢ ᠰᠠᠯᠭᠠᠵᠤ ᠳᠡᠶᠢᠯᠭᠦ ᠦᠭᠡᠢ ᠶᠤᠮ᠃ ᠳᠠᠯᠠᠢ ᠶᠢᠨ | ᠬᠤᠭᠤᠯᠠᠢ ᠶᠢᠨ ᠬᠤᠭᠤᠷᠣᠨᠳᠣᠭᠢ ᠵᠠᠢ ᠨᠢ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ | ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ ᠲᠠᠶᠢᠯᠭᠦ | ᠦᠭᠡᠢ ᠶᠤᠮ᠃ ᠪᠠᠶᠢᠭᠤᠯᠤᠯ ᠤᠨ ᠠᠳᠠᠯᠢ ᠪᠤᠰᠤ ᠨᠢ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠨᠢᠭᠡ ᠤᠯᠤᠰ᠂ | ᠨᠢᠭᠡ ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ ᠪᠣᠳᠠᠲᠤ | ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃ | ᠭᠠᠳᠠᠭᠠᠳᠤ ᠶᠢᠨ ᠭᠠᠷ ᠳᠦᠷᠦᠯᠲᠡ ᠨᠢ ᠤᠯᠤᠰ ᠭᠡᠷ ᠢᠶᠠᠷ ᠢᠶᠠᠨ | ᠪᠦᠯᠬᠦᠮᠳᠡᠨ ᠨᠢᠭᠡᠳᠬᠦ ᠲᠡᠦᠬᠡ ᠶᠢᠨ ᠶᠡᠭᠡ ᠬᠠᠨᠳᠤᠰᠢ ᠶᠢ | ᠬᠤᠷᠢᠭᠯᠠᠵᠤ ᠴᠢᠳᠠᠬᠤ ᠦᠭᠡᠢ ᠶᠤᠮ᠃ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ ᠢᠷᠡᠭᠰᠡᠨ | ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶᠢᠵᠤ᠂ | ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃ | ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ | ᠦᠨᠳᠦᠰᠦᠲᠡᠨ ᠤ ᠢᠷᠡᠭᠡᠳᠦᠢ ᠮᠥᠨ᠃ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠵᠠᠯᠠᠭᠤᠴᠤᠳ ᠰᠠᠶᠢᠨ ᠪᠠᠶᠢᠪᠠᠯ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠢᠷᠡᠭᠡᠳᠦᠢ ᠰᠠᠶ᠋ᠢ | ᠰᠠᠶᠢᠨ ᠪᠠᠶᠢᠵᠤ ᠴᠢᠳᠠᠨ᠎ᠠ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠵᠠᠯᠠᠭᠤᠴᠤᠳ ᠳᠤᠮᠳᠠᠳᠤ ᠤᠯᠤᠰ ᠤᠨ ᠬᠥᠮᠥᠨ | ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ | ᠵᠣᠷᠢᠭ ᠢᠶᠠᠨ ᠴᠢᠩᠭᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ | ᠬᠠᠮᠲᠤ ᠪᠠᠷ ᠡᠭᠦᠳᠴᠦ᠂ ᠳᠤᠮᠳᠠᠳᠤ ᠶᠢᠨ ᠦᠨᠳᠦᠰᠦᠲᠡᠨ ᠤ | ᠲᠡᠦᠬᠡ ᠶᠢᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ | ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ ᠤᠯᠠᠮᠵᠢᠯᠠᠯ ᠲᠠᠢ᠂ | ᠬᠠᠮᠲᠤ ᠶᠢᠨ ᠰᠣᠶᠣᠯ᠂ ᠬᠠᠮᠲᠤ ᠶᠢᠨ ᠲᠡᠦᠬᠡ ᠲᠠᠢ ᠶᠤᠮ᠂ ᠨᠠᠩ | ᠴᠢᠬᠤᠯᠠ ᠨᠢ ᠪᠢᠳᠡ ᠦᠨᠳᠦᠰᠦᠲᠡᠨ ᠳᠡᠭᠡᠨ ᠬᠠᠮᠲᠤ ᠶᠢᠨ | ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ ᠬᠠᠮᠲᠤ ᠶᠢᠨ | ᠬᠦᠰᠡᠯ ᠡᠷᠡᠮᠡᠯᠵᠡᠯ ᠲᠠᠢ ᠪᠠᠶᠢᠬᠤ ᠶᠠᠪᠤᠳᠠᠯ ᠪᠣᠯᠣᠨ᠎ᠠ᠃ | ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ | ᠠᠰᠢᠭ ᠲᠤᠰᠠ ᠪᠣᠯᠣᠨ ᠠᠯᠤᠰ ᠭᠡᠳᠤ ᠶᠢᠨ ᠬᠥᠭᠵᠢᠯᠲᠡ ᠠᠴᠠ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃ | ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ | ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ | ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠶᠢᠨ ᠦᠶ᠎ᠡ ᠪᠠᠷ | ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ | ᠦᠷᠭᠦᠯᠵᠢᠯᠡᠭᠰᠡᠨ ᠤ ᠵᠠᠩᠭᠢᠯᠠᠭ᠎ᠠ ᠨᠢ ᠳᠤᠮᠳᠠᠳᠤ ᠶᠢᠨ | ᠦᠨᠳᠦᠰᠦᠲᠡᠨ ᠳᠤ ᠢᠮᠠᠭᠲᠠ ᠤᠯᠤᠰ ᠤᠨ ᠨᠤᠲᠤᠭ ᠳᠡᠪᠢᠰᠬᠡᠷ ᠢ | ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ | ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂ | ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ | ᠬᠠᠮᠲᠤ ᠶᠢᠨ ᠢᠲᠡᠭᠡᠯ ᠵᠣᠷᠢᠭ ᠲᠠᠢ ᠪᠠᠶᠢᠳᠠᠭ ᠲᠤ | ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ | ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ | ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ | ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ | ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ | ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ | ᠡᠷᠡᠰ ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠵᠤ᠂ | ᠨᠠᠶᠢᠷᠠᠮᠳᠠᠯ ᠢᠶᠠᠷ ᠨᠢᠭᠡᠳᠬᠡᠬᠦ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂ | ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ | ᠳᠤᠮᠳᠠᠳᠤᠴᠤᠳ ᠤᠨ ᠥᠪᠡᠷ ᠤᠨ ᠬᠢᠨᠢ ᠭᠠᠷ ᠲᠤ ᠪᠠᠲᠤ | ᠡᠵᠡᠮᠰᠢᠭᠦᠯᠬᠦ ᠬᠡᠷᠡᠭᠲᠡᠢ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ | ᠨᠠᠷ ᠴᠥᠮ ᠭᠡᠷ ᠣᠷᠣᠨ ᠨᠢ ᠡᠩᠬᠡ ᠲᠠᠶᠢᠪᠤᠩ ᠠᠮᠤᠷ ᠠᠮᠤᠭᠤᠯᠠᠩ᠂ | ᠭᠡᠷ ᠪᠦᠯᠢ ᠪᠠᠷ ᠢᠶᠠᠨ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ | ᠡᠷᠬᠡᠪᠰᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠂ ᠵᠠᠩᠭᠢᠯᠠᠭ᠎ᠠ ᠨᠢ ᠨᠢᠭᠡ ᠳᠤᠮᠳᠠᠳᠤ | ᠤᠯᠤᠰ ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ ᠬᠤᠶᠠᠷ | ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠳᠤ ᠪᠤᠢ᠂ | ᠭᠤᠣᠯᠳᠠᠯᠭ᠎ᠠ ᠨᠢ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠬᠢᠨ ᠪᠣᠯ ᠨᠢᠭᠡ ᠤᠯᠤᠰ᠂ ᠨᠢᠭᠡ ᠦᠨᠳᠦᠰᠦᠲᠡᠨ ᠳᠤ | ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ | ᠬᠠᠮᠲᠤ ᠶᠢᠨ ᠲᠠᠨᠢᠯᠲᠠ ᠲᠠᠢ ᠪᠠᠶᠢᠬᠤ ᠳᠤ ᠪᠤᠢ᠃ ᠤᠯᠤᠰ | ᠣᠷᠣᠨ ᠢ ᠬᠠᠭᠠᠴᠠᠭᠤᠯᠬᠤ ᠦᠭᠡᠢ ᠯᠡ ᠶᠤᠮ ᠪᠣᠯ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠳᠤᠮᠳᠠᠳᠤ | ᠤᠯᠤᠰ ᠤᠨ ᠬᠥᠮᠥᠨ᠂ ᠨᠢᠭᠡ ᠭᠡᠷ ᠤᠨ ᠬᠥᠮᠥᠨ ᠮᠥᠨ ᠭᠡᠳᠡᠭ ᠢ | ᠮᠡᠳᠡᠷᠡᠳᠡᠭ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ | ᠬᠥᠮᠥᠰ ᠤᠨ ᠤᠴᠢᠷ ᠢᠶᠠᠨ ᠤᠷᠢᠳ ᠢᠶᠠᠷ ᠬᠠᠷᠢᠯᠴᠠᠵᠤ | ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ | ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ | ᠨᠡᠮᠡᠭᠳᠡᠭᠦᠯᠵᠦ᠂ ᠵᠥᠷᠢᠴᠡᠯ ᠢ ᠠᠷᠢᠯᠭᠠᠵᠤ᠂ ᠬᠠᠮᠲᠤ ᠶᠢᠨ | ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃ | ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ | ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ | ᠴᠣᠭᠴᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ | ᠪᠣᠯ ᠪᠢᠳᠡᠨ ᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ ᠲᠤᠰᠤᠯᠲᠠ | ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ | ᠵᠢᠷᠭᠠᠯ ᠢ ᠬᠠᠮᠲᠤ ᠪᠠᠷ ᠴᠣᠭᠴᠠᠯᠠᠬᠤ ᠬᠠᠷᠠᠯᠲᠠ ᠮᠠᠰᠢ ᠠᠤᠭ᠎ᠠ | ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ | ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠪᠡᠶᠡᠯᠡᠭᠦᠯᠵᠦ᠂ ᠲᠠᠶᠢᠸᠠᠨ ᠤ ᠠᠬ᠎ᠠ ᠳᠡᠭᠦᠦ | ᠨᠠᠷ ᠢ ᠪᠠᠭᠲᠠᠭᠠᠭᠰᠠᠨ ᠪᠦᠭᠦ ᠳᠤᠮᠳᠠᠳᠤᠴᠤᠳ ᠢ ᠨᠡᠩ ᠰᠠᠶᠢᠨ | ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠠᠪᠤᠳᠠᠯ | ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦᠩᠰᠢᠭᠤᠷ ᠭᠠᠷᠤᠢ | ᠠᠬ᠎ᠠ ᠳᠡᠭᠦᠦ ᠨᠠᠷ ᠢᠶᠠᠨ ᠳᠠᠭᠠᠭᠤᠯᠤᠨ ᠰᠠᠶᠢᠨ ᠰᠠᠶᠢᠬᠠᠨ | ᠠᠮᠢᠳᠤᠷᠠᠯ ᠢ ᠡᠳ᠋ᠯᠡᠬᠦ ᠴᠢᠳᠠᠪᠤᠷᠢ ᠲᠠᠢ ᠪᠥᠭᠡᠳ | ᠲᠠᠶᠢᠸᠠᠨ ᠤ ᠠᠬ᠎ᠠ ᠳᠡᠭᠦᠦ ᠨᠠᠷ ᠲᠠᠢ ᠬᠠᠮᠲᠤ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠦᠷᠢᠨ | ᠴᠢᠳᠠᠪᠤᠷᠢ ᠲᠠᠢ ᠶᠤᠮ᠃ | ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ | ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ ᠲᠠᠶᠢᠸᠠᠨ ᠤ | ᠠᠬ᠎ᠠ ᠳᠡᠭᠦᠦ ᠨᠠᠷ ᠲᠠᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ | ᠬᠤᠪᠢᠶᠠᠯᠴᠠᠵᠤ᠂ ᠡᠬᠡ ᠤᠯᠤᠰ ᠤᠨ ᠡᠬᠡ ᠬᠠᠭᠤᠷᠠᠢ ᠶᠢᠨ | ᠬᠥᠭᠵᠢᠯᠲᠡ ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠵᠦ᠂ ᠢᠳᠡᠪᠬᠢᠲᠡᠢ ᠪᠠᠷ ᠲᠠᠶᠢᠸᠠᠨ ᠤ ᠠᠬ᠎ᠠ ᠳᠡᠭᠦᠦ | ᠨᠠᠷ ᠲᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ | ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠲᠠᠶᠢᠸᠠᠨ ᠤ | ᠠᠬ᠎ᠠ ᠳᠡᠭᠦᠦ ᠨᠠᠷ ᠤᠨ ᠠᠰᠢᠭ ᠲᠤᠰᠠ ᠶᠢ ᠨᠡᠩ ᠤᠯᠠᠨ᠂ ᠪᠤᠶᠠᠨ | ᠵᠢᠷᠭᠠᠯ ᠢ ᠨᠡᠩ ᠪᠣᠳᠠᠲᠠᠢ᠂ ᠢᠷᠡᠭᠡᠳᠦᠢ ᠶᠢ ᠨᠡᠩ ᠰᠠᠶᠢᠨ | ᠰᠠᠶᠢᠬᠠᠨ ᠪᠣᠯᠭᠠᠨ᠎ᠠ᠃ | ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤᠷᠲᠤ ᠤᠳᠠᠭᠠᠨ | ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ ᠲᠠᠶᠢᠸᠠᠨ | ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ | ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ | ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ | ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠦᠨᠳᠦᠰᠦᠲᠡᠨ ᠤ | ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ | ᠨᠠᠷ ᠪᠣᠯ ᠶᠡᠷᠦ ᠠᠴᠠ ᠨᠢᠭᠡ ᠭᠡᠷ ᠤᠨ ᠬᠥᠮᠥᠨ ᠪᠣᠯᠬᠤᠷ | ᠦᠷᠭᠦᠯᠵᠢ ᠶᠠᠪᠤᠯᠴᠠᠵᠤ᠂ ᠶᠠᠪᠤᠬᠤ ᠲᠤᠳᠤᠮ ᠣᠶᠢᠷ᠎ᠠ ᠳᠣᠲᠣᠨᠣ | ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ | ᠢᠳᠡᠪᠬᠢᠲᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ | ᠰᠡᠳᠬᠢᠯ ᠢᠶᠠᠨ ᠰᠣᠯᠢᠯᠴᠠᠬᠤ᠂ ᠶᠠᠪᠤᠯᠴᠠᠭᠠᠨ ᠤ ᠳᠤᠮᠳᠠ | ᠢᠲᠡᠭᠡᠯ ᠢᠶᠠᠨ ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ | ᠣᠯᠣᠯᠴᠠᠬᠤ ᠶᠢ ᠠᠬᠢᠭᠤᠯᠤᠨ᠎ᠠ᠃ ᠪᠢᠳᠡ ᠥᠷᠭᠡᠨ ᠤᠯᠠᠨ | ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ | ᠢᠯᠡᠭᠦᠬᠡᠨ ᠢᠷᠡᠵᠦ ᠠᠶᠢᠯᠴᠢᠯᠠᠬᠤ ᠶᠢ ᠬᠠᠯᠠᠭᠤᠨ ᠢᠶᠠᠷ | ᠤᠷᠢᠵᠤ ᠪᠠᠶᠢᠬᠤ ᠪᠥᠭᠡᠳ ᠡᠬᠡ ᠬᠠᠭᠤᠷᠠᠢ ᠶᠢᠨ ᠠᠷᠠᠳ ᠤᠯᠠᠨ ᠡᠬᠡ | ᠤᠯᠤᠰ ᠤᠨ ᠡᠷᠳᠡᠨᠢ ᠶᠢᠨ ᠠᠷᠠᠯ ᠳᠤ ᠢᠯᠡᠭᠦᠬᠡᠨ ᠣᠴᠢᠵᠤ | ᠦᠵᠡᠬᠦ ᠶᠢ ᠬᠦᠰᠡᠵᠦ ᠪᠠᠶᠢᠨ᠎ᠠ᠃ | ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ | ᠵᠣᠷᠢᠭ ᠰᠠᠨᠠᠭᠠᠨ ᠤ ᠠᠮᠢᠨ ᠰᠤᠳᠠᠰᠤ ᠮᠥᠨ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ | ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ ᠮᠥᠨ᠃ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ | ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ | ᠬᠠᠮᠠᠭᠠᠯᠠᠭᠴᠢ᠂ ᠤᠯᠠᠮᠵᠢᠯᠠᠨ ᠵᠠᠯᠭᠠᠮᠵᠢᠯᠠᠭᠴᠢ᠂ | ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ | ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ | ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠠᠨ | ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠡᠷᠡᠭᠲᠡᠢ᠃ | ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ | ᠬᠡᠷᠡᠭᠲᠡᠢ᠃ ᠵᠠᠭᠤᠨ ᠵᠢᠯ ᠤᠨ ᠲᠡᠮᠡᠴᠡᠯ ᠢᠶᠠᠷ ᠳᠠᠮᠵᠢᠭᠠᠳ᠂ | ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ | ᠢᠷᠡᠭᠡᠳᠦᠢ ᠶᠢ ᠤᠭᠲᠤᠨ ᠠᠪᠴᠢᠷᠠᠵᠤ᠂ ᠰᠦᠨ ᠵᠦᠩ ᠱᠠᠨ | ᠠᠪᠤᠭᠠᠢ ᠶᠢᠨ ᠲᠤᠬᠠᠢ ᠶᠢᠨ ᠵᠢᠯ ᠤᠨ ᠵᠢᠷᠤᠭᠯᠠᠭᠰᠠᠨ ᠵᠢᠷᠤᠭ | ᠲᠥᠰᠥᠪ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ | ᠵᠦᠩ ᠱᠠᠨ ᠠᠪᠤᠭᠠᠢ ᠶᠢᠨ ᠵᠢᠱᠢᠭᠰᠡᠨ ᠠᠯᠤᠰ ᠤᠨ ᠲᠥᠰᠥᠪ ᠠᠴᠠ | ᠬᠤᠯᠠ ᠳᠠᠪᠠᠭᠰᠠᠨ ᠮᠠᠰᠢ ᠤᠯᠠᠨ ᠠᠮᠵᠢᠯᠲᠠ ᠪᠦᠲᠦᠮᠵᠢ ᠶᠢ | ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠡᠦᠬᠡᠨ ᠬᠦᠷᠳᠦ ᠦᠷᠭᠦᠯᠵᠢᠯᠡᠨ | ᠤᠷᠤᠭᠰᠢᠯᠠᠬᠤ ᠳᠤ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ | ᠬᠥᠯᠥᠰᠦ ᠰᠢᠩᠭᠡᠵᠦ ᠪᠠᠶᠢᠭ᠎ᠠ ᠪᠣᠯᠬᠤᠷ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ | ᠰᠡᠳᠬᠢᠯ ᠨᠢᠭᠡᠳᠦᠨ ᠬᠠᠮᠲᠤ ᠪᠠᠷ ᠡᠭᠦᠳᠴᠦ᠂ ᠦᠷᠭᠦᠯᠵᠢᠯᠡᠨ | ᠲᠡᠮᠡᠴᠡᠬᠦ ᠴᠢᠬᠤᠯᠠᠲᠠᠢ ᠪᠥᠭᠡᠳ ᠡᠴᠦᠰ ᠲᠡᠭᠡᠨ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ | ᠪᠤᠤᠬᠢᠶ᠎ᠠ ᠳᠠᠮᠵᠢᠭᠤᠯᠤᠨ ᠲᠡᠮᠡᠴᠡᠬᠦ ᠶᠠᠪᠤᠴᠠ ᠳᠤ | ᠪᠡᠶᠡᠯᠡᠭᠳᠡᠬᠦ ᠪᠣᠯᠣᠨ᠎ᠠ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠵᠠᠯᠠᠭᠤᠴᠤᠳ ᠯᠠᠪᠲᠠᠢ ᠶᠡᠭᠡ ᠦᠢᠯᠡᠰ ᠢ | ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ | ᠯᠠᠪᠲᠠᠢ ᠴᠢᠳᠠᠬᠤ ᠶᠤᠮ᠃ ᠪᠢᠳᠡ ᠲᠠᠶᠢᠸᠠᠨ ᠤ ᠵᠠᠯᠠᠭᠤᠴᠤᠳ ᠤᠨ | ᠡᠬᠡ ᠤᠯᠤᠰ ᠤᠨ ᠡᠬᠡ ᠬᠠᠭᠤᠷᠠᠢ ᠳᠤ ᠢᠷᠡᠵᠦ ᠬᠦᠰᠡᠯ | ᠵᠡᠭᠦᠳᠦ ᠪᠠᠨ ᠬᠥᠭᠡᠭᠡᠴᠡᠯᠳᠦᠬᠦ᠂ ᠬᠦᠰᠡᠯ ᠵᠡᠭᠦᠳᠦ ᠪᠠᠨ | ᠴᠣᠭᠴᠠᠯᠠᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ | ᠪᠠᠶᠠᠷᠯᠠᠨ ᠤᠭᠲᠤᠵᠤ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠵᠠᠯᠠᠭᠤᠴᠤᠳ ᠤᠨ ᠦᠰᠦᠨ ᠪᠣᠶᠢᠵᠢᠬᠤ᠂ | ᠴᠢᠳᠠᠪᠤᠷᠢᠲᠠᠨ ᠪᠤᠯᠬᠤ᠂ ᠠᠮᠵᠢᠯᠲᠠ ᠣᠯᠬᠤ ᠳᠤ ᠨᠡᠩ ᠰᠠᠶᠢᠨ | ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ | ᠪᠦᠷᠢᠯᠳᠦᠭᠦᠯᠵᠦ ᠥᠭᠭᠦᠨ᠎ᠡ᠃ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ | ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ | ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ᠂ ᠲᠡᠦᠬᠡ ᠶᠢᠨ | ᠪᠤᠤᠬᠢᠶ᠎ᠠ ᠶᠢ ᠰᠠᠶᠢᠲᠤᠷ ᠭᠦᠶᠦᠵᠦ᠂ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ 4 ᠰᠠᠷ᠎ᠠ ᠶᠢᠨ 3 ᠤ ᠡᠳᠦᠷ᠂ ᠬᠤᠸᠠ ᠯᠢᠶᠠᠨ | ᠰᠢᠶᠠᠨ ᠤ ᠲᠡᠯᠡᠶ ᠶᠢᠨ ᠣᠷᠣᠨ ᠳᠤ 7.3 ᠲᠠᠰ ᠤᠨ ᠭᠠᠵᠠᠷ | ᠬᠥᠳᠡᠯᠦᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠨ᠂ | ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠳᠤ᠂ ᠪᠢ ᠠᠳᠡᠭᠰᠡᠨ | ᠠᠬᠠᠨ ᠳᠡᠭᠦᠦᠰ ᠢ ᠡᠮᠭᠡᠨᠢᠨ ᠭᠠᠰᠢᠭᠤᠳᠠᠵᠤ ᠪᠠᠶᠢᠬᠤ ᠪᠥᠭᠡᠳ | ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠲᠣᠬᠤᠨᠢᠭᠤᠯᠵᠤ | ᠪᠠᠶᠢᠬᠤ ᠪᠠᠨ ᠢᠯᠡᠳᠬᠡᠵᠦ ᠪᠠᠶᠢᠨ᠎ᠠ ᠭᠡᠵᠦ ᠬᠡᠯᠡᠪᠡ᠃ | ᠮᠠ ᠶᠢᠩ ᠵᠢᠦ᠂ ︽ᠶᠡᠷᠡᠨ ᠬᠤᠶᠠᠷ ᠣᠨ ᠤ ᠬᠠᠮᠲᠤ ᠶᠢᠨ | ᠲᠠᠨᠢᠯᠲᠠ︾ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠢ ᠡᠰᠡᠷᠭᠦᠴᠡᠬᠦ ᠪᠣᠯ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ | ᠨᠠᠶᠢᠷᠠᠮᠳᠠᠯ ᠢᠶᠠᠷ ᠬᠥᠭᠵᠢᠭᠦᠯᠬᠦ ᠶᠢᠨ ᠬᠠᠮᠲᠤ ᠶᠢᠨ ᠤᠯᠤᠰ | ᠲᠥᠷᠥ ᠶᠢᠨ ᠰᠠᠭᠤᠷᠢ ᠮᠥᠨ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠷᠠᠳ ᠲᠦᠮᠡᠨ ᠪᠣᠯ ᠴᠥᠮ ᠳᠤᠮᠳᠠᠳᠤ ᠶᠢᠨ | ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠶᠢᠨ ᠦᠷ᠎ᠡ | ᠬᠤᠶᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ | ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ | ᠪᠤᠶᠠᠨ ᠵᠢᠷᠭᠠᠯ ᠢ ᠨᠡᠮᠡᠭᠳᠡᠭᠦᠯᠦᠨ᠂ ᠭᠠᠷ ᠬᠤᠯᠪᠣᠯᠴᠠᠨ | ᠤᠷᠤᠭᠰᠢᠯᠠᠵᠤ᠂ ᠳᠤᠮᠳᠠᠳᠤ ᠤᠯᠤᠰ ᠢᠶᠠᠨ ᠬᠥᠭᠵᠢᠭᠦᠯᠦᠨ | ᠮᠠᠨᠳᠤᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠬᠡᠯᠡᠪᠡ᠃ | ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ | ᠲᠥᠯᠥᠭᠡᠯᠡᠭᠴᠢ ᠦᠭᠡ ᠬᠡᠯᠡᠪᠡ᠃ | ᠸᠠᠩ ᠬᠤ᠋ ᠨᠢᠩ᠂ ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃ | |