ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 15᠎ ᠤ ᠡᠳᠦᠷ ᠪᠣᠯ ᠶᠢᠰᠦᠳᠡᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠸᠠᠨ ᠴᠤᠤ ᠴᠢ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠎ ᠤ ᠵᠥᠪᠯᠡᠯ ᠤᠨ ᠳᠡᠳ᠋ ᠡᠷᠬᠢᠯᠡᠭᠴᠢ ᠯᠤᠸᠠᠨ ᠲᠢᠶᠠᠨ ᠮᠧᠩ᠂ ᠴᠧᠨ ᠵᠠᠨ ᠢᠩ ᠬᠤᠷᠠᠯ ᠳᠤ ᠣᠷᠣᠯᠴᠠᠪᠠ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠶᠢᠨ ᠰᠠᠶᠢᠬᠠᠨ ᠪᠠᠶᠢᠳᠠᠯ ᠢ ᠪᠠᠲᠤᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠣᠳᠣᠬᠢᠴᠢᠯᠠᠭᠰᠠᠨ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠪᠣᠳᠠᠲᠠᠢ ᠠᠳᠬᠤᠵᠤ᠂ ᠡᠯ᠎ᠡ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ ᠤᠨ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠣᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠮᠠᠨ ᠤ ᠬᠤᠲᠠ ᠶᠢᠨ ᠲᠡᠦᠬᠡ ᠶᠢᠨ ᠪᠠ ᠪᠣᠳᠠᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠪᠦᠬᠦ ᠨᠡᠶᠢᠭᠡᠮ ᠎ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠯᠠᠮᠵᠢᠯᠠᠵᠤ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠪᠠᠶᠢᠩᠭᠤ ᠶᠢᠨ ᠭᠡᠰᠢᠭᠦᠨ ᠬᠤᠷᠠᠯ ᠳᠤ ᠣᠷᠤᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ