ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ
  
2024/4/18

  

ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ

ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ

ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠣᠯᠣᠨ᠎ᠠ᠃ 10

ᠵᠢᠯ ᠤᠨ ᠲᠤᠷᠰᠢ ᠬᠡᠳᠦᠶᠢᠪᠡᠷ ᠳᠡᠯᠡᠬᠡᠢ ᠶᠢᠨ ᠪᠠᠶᠢᠳᠠᠯ ᠳᠤ

ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ

ᠭᠧᠷᠮᠠᠨ ᠤ ᠬᠠᠷᠢᠯᠴᠠᠭ᠎ᠠ ᠢᠮᠠᠭᠲᠠ ᠲᠣᠭᠲᠠᠪᠤᠷᠢᠲᠠᠢ

ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ

ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ᠂ ᠬᠤᠶᠠᠷ

ᠤᠯᠤᠰ ᠤᠨ ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ

ᠬᠠᠩᠭᠠᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ

ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ

ᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ

ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ

ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ

ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ

ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠶᠢᠨ

ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ

ᠪᠣᠯᠣᠨ᠎ᠠ᠂ ᠳᠤᠮᠳᠠᠳᠤ ᠭᠧᠷᠮᠠᠨ ᠤ ᠬᠠᠷᠢᠯᠴᠠᠭ᠎ᠠ ᠶᠢ

ᠪᠠᠬᠢᠵᠢᠭᠦᠯᠦᠨ ᠬᠥᠭᠵᠢᠭᠦᠯᠬᠦ ᠶᠢᠨ ᠠᠴᠢ ᠬᠤᠯᠪᠣᠭᠳᠠᠯ ᠨᠢ

ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ

ᠬᠡᠪᠴᠢᠶᠡᠨ ᠠᠴᠠ ᠳᠠᠪᠠᠵᠤ᠂ ᠠᠽᠢᠶ᠎ᠠ ᠡᠸᠦ᠋ᠷᠦᠫᠡ ᠶᠢᠨ ᠡᠬᠡ

ᠬᠠᠭᠤᠷᠠᠢ ᠴᠢᠨᠠᠭᠰᠢᠯᠠᠪᠠᠯ ᠪᠦᠭᠦ ᠳᠡᠯᠡᠬᠡᠢ ᠳᠤ ᠴᠥᠮ ᠴᠢᠬᠤᠯᠠ

ᠨᠥᠯᠥᠭᠡ ᠲᠠᠢ ᠶᠤᠮ᠃ ᠬᠤᠶᠠᠷ ᠤᠯᠤᠰ ᠢᠶᠠᠷ ᠢᠶᠠᠨ ᠠᠯᠤᠰ

ᠭᠡᠳᠦ ᠶᠢᠨ ᠪᠠ ᠪᠠᠶᠢᠯᠳᠤᠬᠤ ᠪᠣᠳᠣᠯᠭ᠎ᠠ ᠶᠢᠨ

ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ

ᠬᠠᠨᠳᠤᠬᠤ ᠪᠠ ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ

ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭᠠᠯᠳᠤ

ᠴᠢᠨᠠᠷ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ

ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ

ᠶᠡᠭᠡ ᠬᠤᠪᠢ ᠨᠡᠮᠡᠷᠢ ᠦᠵᠡᠭᠦᠯᠵᠦ ᠥᠩᠭᠡᠷᠡᠭᠰᠡᠨ ᠶᠤᠮ᠃ 

ᠳᠤᠮᠳᠠᠳᠤ ᠭᠧᠷᠮᠠᠨ ᠤ ᠬᠤᠭᠤᠷᠣᠨᠳᠤ ᠦᠨᠳᠦᠰᠦᠨ ᠠᠰᠢᠭ

ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠠᠷᠢᠯᠴᠠᠨ ᠠᠮᠤᠷ

ᠲᠦᠪᠰᠢᠨ ᠤ ᠰᠦᠷᠳᠡᠭᠦᠯᠦᠯ ᠪᠤᠯᠬᠤ ᠦᠭᠡᠢ ᠶᠤᠮ᠃ ᠳᠤᠮᠳᠠᠳᠤ

ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂ 

ᠳᠡᠯᠡᠬᠡᠢ ᠳᠤ ᠠᠰᠢᠭᠲᠠᠢ ᠶᠤᠮ᠃ ᠳᠡᠯᠡᠬᠡᠢ ᠶᠢᠷᠲᠢᠨᠴᠦ ᠬᠡᠳᠦᠢ

ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ

ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠶᠠᠨ

ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢᠶᠠᠨ ᠲᠡᠳᠦᠢ

ᠳᠡᠭᠡᠭᠰᠢᠯᠡᠭᠦᠯᠵᠦ᠂ ᠳᠤᠮᠳᠠᠳᠤ ᠭᠧᠷᠮᠠᠨ ᠤ

ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠭᠦᠭ ᠠᠶᠠᠰ

ᠪᠣᠯᠣᠨ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ 

ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ ᠪᠠᠶᠢᠷᠢ

ᠲᠣᠭᠲᠠᠭᠠᠯᠲᠠ ᠶᠢ ᠪᠠᠲᠤ ᠡᠵᠡᠮᠳᠡᠶ᠎ᠡ᠃ ᠳᠤᠮᠳᠠᠳᠤ ᠤᠯᠤᠰ ᠤᠨ 

ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ

ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠠ ᠠᠪᠴᠠᠯᠳᠤᠩᠭᠤᠢ

ᠴᠢᠨᠠᠷ ᠲᠠᠢ ᠪᠠᠶᠢᠬᠤ ᠶᠢ ᠪᠠᠲᠤᠯᠠᠵᠤ ᠪᠠᠶᠢᠨ᠎ᠠ᠃ ᠬᠤᠶᠠᠷ

ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ

ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ

ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠪᠡᠯ

ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ

ᠬᠦᠨᠳᠦᠳᠬᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ 

ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠣᠯᠢᠯᠴᠠᠨ

ᠬᠠᠷᠢᠯᠴᠠᠨ ᠲᠣᠯᠢ ᠪᠤᠯᠭᠠᠬᠤ᠂ ᠬᠠᠮᠲᠤᠷᠠᠯᠴᠠᠵᠤ ᠬᠠᠮᠲᠤ ᠪᠠᠷ 

ᠠᠰᠢᠭ ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ

ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ

ᠬᠤᠯᠠ ᠶᠠᠪᠤᠵᠤ ᠴᠢᠳᠠᠨ᠎ᠠ ᠭᠡᠵᠦ ᠴᠢᠬᠤᠯᠠᠴᠢᠯᠠᠵᠠᠢ᠃

ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ

ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ

ᠠᠭᠤᠰᠤᠯᠴᠠᠵᠤ᠂ ᠬᠤᠶᠠᠷ ᠤᠯᠤᠰ ᠤᠨ ᠵᠠᠬ᠎ᠠ ᠳᠡᠯᠭᠡᠭᠦᠷ ᠳᠡᠭᠡᠳᠦ

ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ᠃ ᠳᠤᠮᠳᠠᠳᠤ

ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽ 

ᠠᠶᠤᠯ ᠲᠦᠭᠰᠢᠭᠦᠷᠢ ︾ ᠲᠠᠢ ᠪᠢᠰᠢ᠂ ᠬᠠᠷᠢᠨ ᠬᠤᠶᠠᠷ ᠲᠠᠯ᠎ᠠ ᠶᠢᠨ

ᠬᠠᠷᠢᠯᠴᠠᠭ᠎ᠠ ᠲᠣᠭᠲᠠᠪᠤᠷᠢᠲᠠᠢ ᠪᠠᠶᠢᠬᠤ ᠶᠢᠨ ᠪᠠᠲᠤᠯᠠᠭ᠎ᠠ᠂ 

ᠢᠷᠡᠭᠡᠳᠦᠢ ᠶᠢ ᠨᠡᠭᠡᠭᠡᠬᠦ ᠠᠵᠠ ᠲᠣᠭᠢᠶᠠᠯ ᠪᠣᠯᠣᠨ᠎ᠠ᠃ ᠮᠠᠰᠢᠨ

ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ

ᠬᠦᠷᠢᠶ᠎ᠡ ᠴᠦ ᠲᠡᠷᠡ᠂ ᠪᠣᠬᠢᠷᠳᠤᠯ ᠦᠭᠡᠢ ᠲᠡᠶᠢᠰᠢ

ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ 

ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ

ᠮᠠᠨᠳᠤᠭᠰᠠᠨ ᠬᠦᠷᠢᠶ᠎ᠡ ᠴᠦ ᠲᠡᠷᠡ᠂ ᠬᠤᠶᠠᠷ ᠤᠯᠤᠰ ᠴᠥᠮ

ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠯᠤᠲᠤ ᠶᠡᠭᠡ

ᠲᠠᠯᠳᠠ ᠬᠦᠴᠦᠨ ᠢ ᠠᠭᠤᠳᠠᠯᠵᠤ ᠪᠣᠯᠣᠨ᠎ᠠ᠃ ᠬᠤᠶᠠᠷ

ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ

ᠭᠦᠷᠳᠡᠭᠦ ᠢᠯᠡ ᠲᠣᠳᠣ ᠣᠨᠴᠠᠯᠢᠭ ᠢ ᠪᠠᠳᠠᠷᠠᠭᠤᠯᠵᠤ᠂ 

ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ᠃ 

ᠳᠤᠮᠳᠠᠳᠤ ᠤᠯᠤᠰ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ 

ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ

ᠵᠡᠷᠭᠡ ᠶᠢ ᠭᠠᠳᠠᠭᠠᠳᠤ ᠳᠤ ᠭᠠᠷᠭᠠᠭᠰᠠᠨ ᠨᠢ ᠪᠦᠭᠦ

ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠭᠦ

ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ

ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠭᠦ

ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ

ᠠᠷᠭᠠᠴᠠᠭᠠᠬᠤ ᠪᠠ ᠪᠣᠬᠢᠷᠳᠤᠯ ᠦᠭᠡᠢ ᠪᠠᠭ᠎ᠠ

ᠨᠡᠭᠦᠷᠡᠰᠦᠲᠥ᠋ᠷᠥᠭᠴᠢ ᠲᠡᠶᠢᠰᠢ ᠭᠡᠯᠪᠡᠷᠢ ᠪᠠᠨ

ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ

ᠪᠠᠶᠢᠨ᠎ᠠ᠃ ᠳᠤᠮᠳᠠᠳᠤ ᠭᠧᠷᠮᠠᠨ ᠬᠤᠶᠠᠷ ᠤᠯᠤᠰ ᠴᠥᠮ ᠠᠵᠤ

ᠦᠢᠯᠡᠰ ᠢᠶᠠᠷ ᠤᠯᠤᠰ ᠢᠶᠠᠨ ᠪᠠᠶᠢᠭᠤᠯᠵᠤ᠂ ᠴᠥᠮ ᠴᠢᠯᠦᠭᠡᠲᠦ

ᠠᠷᠠᠯᠵᠢᠶ᠎ᠠ ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠶᠢ

ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ

ᠲᠣᠯᠣᠭᠠᠢ ᠥᠨᠳᠡᠶᠢᠬᠦ ᠶᠢ ᠰᠡᠷᠡᠮᠵᠢᠯᠡᠵᠦ᠂ ᠵᠠᠬ᠎ᠠ

ᠳᠡᠯᠭᠡᠭᠦᠷ ᠤᠨ ᠬᠠᠷᠠᠴᠠ ᠪᠣᠯᠣᠨ ᠪᠦᠭᠦ ᠪᠥᠮᠪᠥᠷᠴᠡᠭ ᠤᠨ

ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ

ᠪᠠᠷᠢᠮᠲᠠᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢᠨ

ᠠᠰᠠᠭᠤᠳᠠᠯ ᠳᠤ ᠪᠤᠰᠤᠳᠴᠢ᠂ ᠬᠤᠪᠢᠰᠤᠩᠭᠤᠢ ᠪᠠᠷ ᠬᠠᠨᠳᠤᠵᠤ᠂ 

ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ᠃ 

ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ

ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ

ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ

ᠬᠥᠭᠵᠢᠬᠦ ᠳᠤ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠤ᠂ 

ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ

ᠨᠥᠬᠦᠴᠡᠯ ᠬᠠᠩᠭᠠᠬᠤ ᠶᠢ ᠭᠧᠷᠮᠠᠨ ᠤ ᠬᠢᠨ ᠳᠤ ᠬᠦᠰᠡᠵᠦ

ᠪᠠᠶᠢᠨ᠎ᠠ᠃ ᠳᠤᠮᠳᠠᠳᠤ ᠭᠧᠷᠮᠠᠨ ᠳᠡᠯᠡᠬᠡᠢ ᠶᠢᠨ ᠣᠯᠠᠨ

ᠲᠤᠶᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ

ᠲᠠᠯ᠎ᠠ ᠲᠠᠢ ᠶᠤᠮ᠃ ᠤᠯᠠᠨ ᠲᠤᠶᠢᠯᠰᠢᠷᠠᠯᠲᠠ ᠨᠢ ᠮᠥᠨ ᠴᠢᠨᠠᠷ

ᠳᠡᠭᠡᠷ᠎ᠡ ᠪᠠᠨ ᠠᠳᠠᠯᠢ ᠪᠤᠰᠤ ᠪᠣᠯᠪᠠᠰᠤᠨ᠂ ᠠᠳᠠᠯᠢ ᠪᠤᠰᠤ

ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ

ᠬᠤᠭᠤᠷᠣᠨᠳᠤ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ

ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠧᠷᠮᠠᠨ

ᠪᠡᠶ᠎ᠡ ᠪᠠᠨ ᠳᠠᠭᠠᠭᠠᠵᠤ ᠡᠵᠡᠨ ᠮᠡᠳᠡᠨ ᠤᠯᠠᠨ ᠲᠠᠯ᠎ᠠ ᠶᠢᠨ

ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ

ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ

ᠠᠮᠢᠰᠬᠤᠯ ᠤᠨ ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ

ᠦᠭᠡᠢ ᠪᠠᠶᠢᠳᠠᠯ᠂ ᠭᠠᠵᠠᠷ ᠣᠷᠣᠨ ᠤ ᠮᠥᠷᠭᠦᠯᠳᠦᠭᠡᠨ ᠵᠡᠷᠭᠡ

ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ

ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ

ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ

ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃

ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ

ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ᠂ ᠬᠤᠶᠠᠷ

ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ

ᠶᠠᠪᠤᠯᠴᠠᠭ᠎ᠠ ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ

ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ

ᠪᠠᠶᠢᠯᠳᠤᠬᠤ ᠪᠣᠳᠣᠯᠭ᠎ᠠ᠂ ᠡᠳ᠋ ᠤᠨ ᠵᠠᠰᠠᠭ ᠮᠥᠩᠭᠦᠨ

ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ

ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ᠂ ᠪᠠᠰᠠ

ᠠᠭᠤᠷ ᠠᠮᠢᠰᠬᠤᠯ ᠤᠨ ᠬᠤᠪᠢᠷᠠᠯᠲᠠ ᠪᠣᠯᠣᠨ ᠪᠣᠬᠢᠷᠳᠤᠯ ᠦᠭᠡᠢ

ᠲᠡᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ

ᠪᠣᠯᠣᠨ᠎ᠠ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ ᠤ ᠠᠵᠤ

ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ 

ᠱᠠᠩᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ

ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠣᠶᠢᠷ᠎ᠠ ᠶᠢᠨ

ᠵᠢᠯ ᠳᠤ ᠣᠯᠣᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ

ᠣᠶᠢᠯᠠᠭᠠᠵᠤ᠂ ᠭᠧᠷᠮᠠᠨ ᠳᠤᠮᠳᠠᠳᠤ ᠬᠤᠶᠠᠷ ᠤᠯᠤᠰ ᠤᠨ ᠠᠵᠤ

ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ

ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ᠃ 

ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ

ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ

ᠴᠢᠩᠭᠠᠳᠬᠠᠵᠤ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ

ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ ᠵᠡᠷᠭᠡ

ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ

ᠠᠬᠢᠭᠤᠯᠤᠨ᠎ᠠ᠂ ᠡᠨᠡ ᠨᠢ ᠭᠧᠷᠮᠠᠨ ᠳᠤᠮᠳᠠᠳᠤ ᠬᠤᠶᠠᠷ ᠤᠯᠤᠰ

ᠵᠢᠴᠢ ᠳᠡᠯᠡᠬᠡᠢ ᠳ᠋ᠠᠬᠢᠨ ᠳᠤ ᠴᠥᠮ ᠲᠤᠶᠢᠯ ᠤᠨ ᠴᠢᠬᠤᠯᠠ ᠶᠤᠮ᠃ 

ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ

ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ

ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ

ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ

ᠲᠠᠯᠠᠲᠤ ᠤᠯᠠᠨ ᠤᠯᠤᠰ ᠤᠨ ᠡᠮᠬᠢ ᠳᠢᠭᠯᠢᠮ ᠢ

ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ

ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ 

ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ 

ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ

ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠶᠢ ᠳᠠᠮᠵᠢᠨ᠎ᠠ᠃ 

ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ

ᠪᠦᠷᠢᠯᠳᠦᠭᠦᠨ ᠪᠣᠯᠤᠭᠰᠠᠨ ᠤ ᠬᠤᠪᠢ ᠳᠤ᠂ ᠭᠧᠷᠮᠠᠨ

ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ

ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠰᠠᠶᠢᠨ

ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ

ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃

ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶᠢᠨ ᠤ

ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ

ᠰᠣᠯᠢᠯᠴᠠᠵᠤ᠂ ᠳᠤᠮᠳᠠᠳᠤ ᠭᠧᠷᠮᠠᠨ ᠴᠥᠮ ᠣᠯᠠᠨ ᠤᠯᠤᠰ ᠤᠨ

ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ

ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ᠂ 

ᠴᠥᠮ᠎ᠡ ᠶᠢᠨ ᠵᠡᠪᠰᠡᠭ ᠬᠡᠷᠡᠭᠯᠡᠬᠦ ᠪᠤᠶᠤ ᠡᠩᠬᠡ ᠲᠠᠶᠢᠪᠤᠩ

ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ

ᠡᠰᠡᠷᠭᠦᠴᠡᠵᠦ᠂ ᠣᠯᠠᠨ ᠤᠯᠤᠰ ᠤᠨ ᠠᠮᠤ ᠪᠤᠳᠠᠭᠠᠨ ᠤ ᠠᠮᠤᠷ

ᠲᠦᠪᠰᠢᠨ ᠤ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠯᠠᠨ

ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ

ᠭᠡᠵᠦ ᠢᠯᠡᠳᠬᠡᠪᠡ᠃

ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ

ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ

ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ 

ᠰᠡᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠬᠢᠨ

ᠡᠩᠬᠡ ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ

ᠴᠢᠷᠮᠠᠶᠢᠪᠠᠯ ᠵᠣᠬᠢᠨ᠎ᠠ᠃ ᠡᠶᠢᠮᠦ ᠠᠴᠠ ᠳᠣᠣᠷᠠᠬᠢ ᠬᠡᠳᠦᠨ

ᠵᠠᠷᠴᠢᠮ ᠢ ᠪᠠᠷᠢᠮᠲᠠᠯᠠᠪᠠᠯ ᠵᠣᠬᠢᠨ᠎ᠠ᠄ ᠨᠢᠭᠡ ᠳᠤ ᠡᠩᠬᠡ

ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ

ᠴᠢᠬᠤᠯᠠᠴᠢᠯᠠᠵᠤ᠂ ᠬᠤᠪᠢ ᠶᠢᠨ ᠠᠰᠢᠭ ᠲᠤᠰᠠ ᠪᠠᠨ

ᠬᠥᠭᠡᠭᠡᠴᠡᠯᠳᠦᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ

ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ᠂ 

ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ ᠪᠠᠶᠢᠬᠤ

ᠬᠡᠷᠡᠭᠲᠡᠢ᠃ ᠭᠤᠷᠪᠠ ᠳᠤ ᠡᠩᠬᠡ ᠲᠠᠶᠢᠪᠤᠩ ᠢ ᠰᠡᠷᠭᠦᠭᠡᠬᠦ ᠳᠤ

ᠨᠥᠬᠦᠴᠡᠯ ᠬᠤᠷᠠᠮᠳᠤᠭᠤᠯᠵᠤ᠂ ᠵᠥᠷᠢᠴᠡᠯ ᠢ ᠴᠢᠨᠠᠭᠰᠢᠳᠠ

ᠬᠤᠷᠴᠠᠳᠬᠠᠬᠤ ᠦᠭᠡᠢ ᠪᠠᠶᠢᠬᠤ ᠬᠡᠷᠡᠭᠲᠡᠢ᠃ ᠳᠥᠷᠪᠡ ᠳᠤ

ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ

ᠨᠥᠯᠥᠭᠡ ᠶᠢ ᠪᠠᠭᠠᠰᠬᠠᠵᠤ᠂ ᠪᠦᠭᠦ ᠪᠥᠮᠪᠥᠷᠴᠡᠭ ᠤᠨ ᠠᠵᠤ

ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ

ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠲᠡᠢ᠃ ᠳᠤᠮᠳᠠᠳᠤ

ᠤᠯᠤᠰ ᠪᠣᠯ ᠦᠺᠷᠠᠶᠢᠨ ᠤ ᠬᠢᠮᠤᠷᠠᠯ ᠤᠨ ᠬᠤᠯᠪᠤᠭ᠎ᠠ ᠲᠠᠢ 

ᠲᠠᠯ᠎ᠠ᠂ ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ ᠤᠨ

ᠠᠷᠭ᠎ᠠ ᠪᠠᠷ ᠢᠶᠠᠨ ᠡᠪᠰᠡᠬᠦ ᠶᠢ ᠢᠳᠬᠠᠵᠤ ᠬᠡᠯᠡᠯᠴᠡᠭᠡ

ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ

ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ

ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ

ᠲᠡᠮᠵᠢᠵᠥ᠂ ᠤᠷᠤᠰ ᠦᠺᠷᠠᠶᠢᠨ ᠬᠤᠶᠠᠷ ᠲᠠᠯ᠎ᠠ ᠶᠢᠨ ᠬᠢᠨ ᠪᠦᠷ

ᠮᠡᠳᠡᠷᠡᠬᠦ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ

ᠣᠷᠤᠯᠴᠠᠬᠤ᠂ ᠪᠤᠢ ᠪᠦᠬᠦᠢ ᠨᠠᠶᠢᠷᠠᠮᠳᠠᠯ ᠤᠨ ᠲᠥᠰᠥᠯ ᠢ ᠡᠷᠬᠡ

ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠬᠡ

ᠲᠠᠶᠢᠪᠤᠩ ᠤᠨ ᠬᠤᠷᠠᠯ ᠢ ᠴᠠᠭ ᠲᠠᠭᠠᠨ ᠲᠣᠬᠢᠷᠠᠭᠤᠯᠤᠨ

ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ

ᠪᠠᠭᠲᠠᠭᠠᠭᠰᠠᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ

ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ

ᠴᠢᠬᠤᠯᠠᠴᠢᠯᠠᠪᠠ᠃

ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ

ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ

ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ

ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ 

ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ

ᠦᠭᠡᠢ ᠶᠢᠨ ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ

ᠨᠠᠶᠢᠳᠠᠪᠤᠷᠢᠵᠢᠭᠤᠯᠵᠤ᠂ ᠬᠡᠷᠡᠭ ᠶᠡᠬᠡᠳᠬᠦ ᠶᠢ

ᠰᠡᠷᠭᠡᠶᠢᠯᠡᠵᠦ᠂ ᠪᠠᠶᠢᠳᠠᠯ ᠴᠢᠨᠠᠭᠰᠢᠳᠠ ᠮᠠᠭᠤᠳᠠᠬᠤ ᠠᠴᠠ 

ᠵᠠᠶᠢᠯᠠᠰᠬᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ 

ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ

ᠪᠠᠲᠤᠯᠠᠵᠤ᠂ ᠫᠠᠯᠧᠰᠲ᠋ᠠᠶᠢᠨ ᠤ ᠠᠰᠠᠭᠤᠳᠠᠯ ᠢ ︽ ᠬᠤᠶᠠᠷ

ᠤᠯᠤᠰ ᠤᠨ ᠲᠥᠰᠥᠯ ︾ ᠤᠨ ᠰᠠᠭᠤᠷᠢᠨ ᠳᠡᠭᠡᠷ᠎ᠡ ᠡᠷᠲᠡᠬᠡᠨ

ᠬᠡᠯᠡᠯᠴᠡᠭᠡ ᠬᠢᠬᠦ ᠪᠠᠷ ᠳᠠᠮᠵᠢᠨ ᠰᠢᠢᠳᠪᠦᠷᠢᠯᠡᠬᠦ ᠶᠢ

ᠳᠡᠮᠵᠢᠵᠦ᠂ ᠨᠥᠯᠥᠭᠡᠯᠡᠬᠦ ᠬᠦᠴᠦᠨ ᠲᠠᠢ ᠤᠯᠤᠰ ᠢ ᠭᠠᠵᠠᠷ

ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ

ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ

ᠤᠷᠢᠶᠠᠯᠠᠵᠤ᠂ ᠫᠠᠯᠧᠰᠲ᠋ᠠᠶᠢᠨ ᠤ ᠠᠰᠠᠭᠤᠳᠠᠯ ᠤᠨ ᠡᠷᠲᠡᠬᠡᠨ

ᠪᠦᠭᠦ ᠲᠠᠯ᠎ᠠ ᠶᠢᠨ᠂ ᠲᠥᠪ ᠭᠤᠣᠯᠴᠢ᠂ ᠤᠳᠠᠭᠠᠨ

ᠳᠠᠭᠠᠭᠠᠮᠠᠭᠠᠢ ᠪᠠᠷ ᠰᠢᠢᠳᠪᠦᠷᠢᠯᠡᠭᠳᠡᠬᠦ ᠶᠢ ᠠᠬᠢᠭᠤᠯᠪᠠᠯ

ᠵᠣᠬᠢᠨ᠎ᠠ ᠭᠡᠵᠦ ᠦᠵᠡᠪᠡ᠃

ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ 

ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ

ᠵᠣᠭᠤᠭᠯᠠᠵᠤ᠂ ᠥᠷᠭᠡᠨ ᠳᠡᠯᠭᠡᠷ ᠵᠥᠪᠯᠡᠬᠦ ᠵᠦᠢᠯ ᠤᠨ ᠲᠤᠬᠠᠢ

ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ᠃

ᠸᠠᠩ ᠢ ᠠᠭᠤᠯᠵᠠᠯᠲᠠ ᠳᠤ ᠣᠷᠣᠯᠴᠠᠵᠠᠢ᠃

 

          