ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/18
      ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃      ᠨᠢᠭᠡ᠂ ᠢᠯᠡ ᠨᠡᠶᠢᠲᠡᠯᠡᠬᠦ ᠨᠡᠷᠡᠰ     ᠰᠢᠶᠧ ᠶᠠᠨ ᠯᠢ ᠂ ᠡᠮᠡᠭᠲᠡᠢ᠂ ᠬᠢᠲᠠᠳ ᠦᠨᠳᠦᠰᠦᠲᠡᠨ᠂ 1972 ᠣᠨ ᠤ 5 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠎ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠨᠰᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃     ᠵᠧᠦ ᠵᠠᠨ ᠯᠢ ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 12 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ︵ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︶᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃     ᠎ ᠪᠠᠨ ᠮᠧᠩ ᠴᠢ ᠂ ᠡᠮᠡᠭᠲᠡᠢ᠂ ᠬᠢᠲᠠᠳ ᠦᠨᠳᠦᠰᠦᠲᠡᠨ᠂ 1987 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ︵ᠪᠦᠯᠦᠭᠯᠡᠯ︶᠎ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠤᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃    ᠰᠢᠦᠢ ᠮᠢᠨ ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 7 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ ᠰᠤᠮᠤ ᠶᠢᠨ ᠨᠠᠮ ᠤᠨ ᠬᠤᠷᠢᠶ᠎ᠠ ᠶᠢᠨ ᠱᠦᠵᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃    ᠯᠢ ᡁᠢ ᠭᠦᠸᠧ ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠨᠢᠩᠴᠧᠩ ᠰᠢᠶᠠᠨ ᠤ ᠲᠢᠶᠠᠨ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃       ᠬᠤᠶᠠᠷ᠂ ᠢᠯᠡ ᠨᠡᠶᠢᠲᠡᠯᠡᠬᠦ ᠴᠠᠭ       2024 ᠣᠨ ᠤ 4 ᠰᠠᠷ᠎ᠠ ᠶᠢᠨ 18᠎ ᠠᠴᠠ 2024 ᠣᠨ ᠤ 4 ᠰᠠᠷ᠎ᠠ ᠶᠢᠨ 24 ᠎ ᠤ ᠡᠳᠦᠷ ᠪᠣᠯᠲᠠᠯ᠎ᠠ᠃        ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃     ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ ᠲᠣᠬᠢᠷᠠᠭᠤᠯᠪᠠ᠃     ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ                            ᠦᠳᠡ ᠶᠢᠨ ᠡᠮᠦᠨᠡᠬᠢ 8᠄ 30 ︱ 12᠄ 00                           ᠦᠳᠡ ᠶᠢᠨ ᠬᠤᠶᠢᠨᠠᠬᠢ 2᠄ 30 ︱ 5᠄ 30     ᠭᠥᠯᠢᠶᠡᠨ ᠠᠪᠬᠤ ᠤᠲᠠᠰᠤ᠄ ︵0476︶ 12380     ᠣᠨᠴᠠᠭᠠᠶᠢᠯᠠᠨ ᠵᠠᠷᠯᠠᠪᠠ                ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ                 ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                                                                   2024 ᠣᠨ ᠤ 04 ᠰᠠᠷ᠎ᠠ ᠶᠢᠨ 17᠎ ᠤ ᠡᠳᠦᠷ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ