| ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃ | ᠨᠢᠭᠡ᠂ ᠢᠯᠡ ᠨᠡᠶᠢᠲᠡᠯᠡᠬᠦ ᠨᠡᠷᠡᠰ | ᠰᠢᠶᠧ ᠶᠠᠨ ᠯᠢ ᠂ ᠡᠮᠡᠭᠲᠡᠢ᠂ ᠬᠢᠲᠠᠳ ᠦᠨᠳᠦᠰᠦᠲᠡᠨ᠂ 1972 ᠣᠨ ᠤ 5 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ | ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠨᠰᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ | ᠳᠤᠷᠠᠳᠬᠤ ᠪᠠᠷ ᠪᠣᠶ᠃ | ᠵᠧᠦ ᠵᠠᠨ ᠯᠢ ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 12 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ | ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ︵ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︶᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ | ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ | ᠪᠠᠨ ᠮᠧᠩ ᠴᠢ ᠂ ᠡᠮᠡᠭᠲᠡᠢ᠂ ᠬᠢᠲᠠᠳ ᠦᠨᠳᠦᠰᠦᠲᠡᠨ᠂ 1987 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ | ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ︵ᠪᠦᠯᠦᠭᠯᠡᠯ︶ ᠶᠢᠨ | ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠤᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃ | ᠰᠢᠦᠢ ᠮᠢᠨ ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 7 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ | ᠰᠤᠮᠤ ᠶᠢᠨ ᠨᠠᠮ ᠤᠨ ᠬᠤᠷᠢᠶ᠎ᠠ ᠶᠢᠨ ᠱᠦᠵᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ | ᠯᠢ ᡁᠢ ᠭᠦᠸᠧ ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ | ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠨᠢᠩᠴᠧᠩ ᠰᠢᠶᠠᠨ ᠤ ᠲᠢᠶᠠᠨ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ | ᠬᠤᠶᠠᠷ᠂ ᠢᠯᠡ ᠨᠡᠶᠢᠲᠡᠯᠡᠬᠦ ᠴᠠᠭ | 2024 ᠣᠨ ᠤ 4 ᠰᠠᠷ᠎ᠠ ᠶᠢᠨ 18 ᠠᠴᠠ 2024 ᠣᠨ ᠤ 4 ᠰᠠᠷ᠎ᠠ ᠶᠢᠨ 24 ᠤ ᠡᠳᠦᠷ ᠪᠣᠯᠲᠠᠯ᠎ᠠ᠃ | ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ | ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ | ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ | ᠲᠤᠰᠬᠠᠨ᠎ᠠ᠃ | ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ | ᠲᠣᠬᠢᠷᠠᠭᠤᠯᠪᠠ᠃ | ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ | ᠦᠳᠡ ᠶᠢᠨ ᠡᠮᠦᠨᠡᠬᠢ 8᠄ 30 ︱ 12᠄ 00 | ᠦᠳᠡ ᠶᠢᠨ ᠬᠤᠶᠢᠨᠠᠬᠢ 2᠄ 30 ︱ 5᠄ 30 | ᠭᠥᠯᠢᠶᠡᠨ ᠠᠪᠬᠤ ᠤᠲᠠᠰᠤ᠄ ︵0476︶ 12380 | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ | ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | | 2024 ᠣᠨ ᠤ 04 ᠰᠠᠷ᠎ᠠ ᠶᠢᠨ 17 ᠤ ᠡᠳᠦᠷ | |