| ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠣᠯᠣᠨ᠎ᠠ᠃ 10 | ᠵᠢᠯ ᠤᠨ ᠲᠤᠷᠰᠢ ᠬᠡᠳᠦᠶᠢᠪᠡᠷ ᠳᠡᠯᠡᠬᠡᠢ ᠶᠢᠨ ᠪᠠᠶᠢᠳᠠᠯ ᠳᠤ | ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ | ᠭᠧᠷᠮᠠᠨ ᠤ ᠬᠠᠷᠢᠯᠴᠠᠭ᠎ᠠ ᠢᠮᠠᠭᠲᠠ ᠲᠣᠭᠲᠠᠪᠤᠷᠢᠲᠠᠢ | ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ | ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ᠂ ᠬᠤᠶᠠᠷ | ᠤᠯᠤᠰ ᠤᠨ ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ | ᠬᠠᠩᠭᠠᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ | ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ | ᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ | ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ | ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ | ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ | ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠶᠢᠨ | ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ | ᠪᠣᠯᠣᠨ᠎ᠠ᠂ ᠳᠤᠮᠳᠠᠳᠤ ᠭᠧᠷᠮᠠᠨ ᠤ ᠬᠠᠷᠢᠯᠴᠠᠭ᠎ᠠ ᠶᠢ | ᠪᠠᠬᠢᠵᠢᠭᠦᠯᠦᠨ ᠬᠥᠭᠵᠢᠭᠦᠯᠬᠦ ᠶᠢᠨ ᠠᠴᠢ ᠬᠤᠯᠪᠣᠭᠳᠠᠯ ᠨᠢ | ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ | ᠬᠡᠪᠴᠢᠶᠡᠨ ᠠᠴᠠ ᠳᠠᠪᠠᠵᠤ᠂ ᠠᠽᠢᠶ᠎ᠠ ᠡᠸᠦ᠋ᠷᠦᠫᠡ ᠶᠢᠨ ᠡᠬᠡ | ᠬᠠᠭᠤᠷᠠᠢ ᠴᠢᠨᠠᠭᠰᠢᠯᠠᠪᠠᠯ ᠪᠦᠭᠦ ᠳᠡᠯᠡᠬᠡᠢ ᠳᠤ ᠴᠥᠮ ᠴᠢᠬᠤᠯᠠ | ᠨᠥᠯᠥᠭᠡ ᠲᠠᠢ ᠶᠤᠮ᠃ ᠬᠤᠶᠠᠷ ᠤᠯᠤᠰ ᠢᠶᠠᠷ ᠢᠶᠠᠨ ᠠᠯᠤᠰ | ᠭᠡᠳᠦ ᠶᠢᠨ ᠪᠠ ᠪᠠᠶᠢᠯᠳᠤᠬᠤ ᠪᠣᠳᠣᠯᠭ᠎ᠠ ᠶᠢᠨ | ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ | ᠬᠠᠨᠳᠤᠬᠤ ᠪᠠ ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ | ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭᠠᠯᠳᠤ | ᠴᠢᠨᠠᠷ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ | ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ | ᠶᠡᠭᠡ ᠬᠤᠪᠢ ᠨᠡᠮᠡᠷᠢ ᠦᠵᠡᠭᠦᠯᠵᠦ ᠥᠩᠭᠡᠷᠡᠭᠰᠡᠨ ᠶᠤᠮ᠃ | ᠳᠤᠮᠳᠠᠳᠤ ᠭᠧᠷᠮᠠᠨ ᠤ ᠬᠤᠭᠤᠷᠣᠨᠳᠤ ᠦᠨᠳᠦᠰᠦᠨ ᠠᠰᠢᠭ | ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠠᠷᠢᠯᠴᠠᠨ ᠠᠮᠤᠷ | ᠲᠦᠪᠰᠢᠨ ᠤ ᠰᠦᠷᠳᠡᠭᠦᠯᠦᠯ ᠪᠤᠯᠬᠤ ᠦᠭᠡᠢ ᠶᠤᠮ᠃ ᠳᠤᠮᠳᠠᠳᠤ | ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂ | ᠳᠡᠯᠡᠬᠡᠢ ᠳᠤ ᠠᠰᠢᠭᠲᠠᠢ ᠶᠤᠮ᠃ ᠳᠡᠯᠡᠬᠡᠢ ᠶᠢᠷᠲᠢᠨᠴᠦ ᠬᠡᠳᠦᠢ | ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ | ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠶᠠᠨ | ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢᠶᠠᠨ ᠲᠡᠳᠦᠢ | ᠳᠡᠭᠡᠭᠰᠢᠯᠡᠭᠦᠯᠵᠦ᠂ ᠳᠤᠮᠳᠠᠳᠤ ᠭᠧᠷᠮᠠᠨ ᠤ | ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠭᠦᠭ ᠠᠶᠠᠰ | ᠪᠣᠯᠣᠨ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ | ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠶ᠎ᠡ᠃ ᠳᠤᠮᠳᠠᠳᠤ ᠤᠯᠤᠰ ᠤᠨ | ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ | ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠠ ᠠᠪᠴᠠᠯᠳᠤᠩᠭᠤᠢ | ᠴᠢᠨᠠᠷ ᠲᠠᠢ ᠪᠠᠶᠢᠬᠤ ᠶᠢ ᠪᠠᠲᠤᠯᠠᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ | ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠪᠡᠯ | ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ | ᠬᠦᠨᠳᠦᠳᠬᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ | ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠣᠯᠢᠯᠴᠠᠨ | ᠬᠠᠷᠢᠯᠴᠠᠨ ᠲᠣᠯᠢ ᠪᠤᠯᠭᠠᠬᠤ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ | ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ | ᠬᠤᠯᠠ ᠶᠠᠪᠤᠵᠤ ᠴᠢᠳᠠᠨ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ | ᠠᠭᠤᠰᠤᠯᠴᠠᠵᠤ᠂ ᠬᠤᠶᠠᠷ ᠤᠯᠤᠰ ᠤᠨ ᠵᠠᠬ᠎ᠠ ᠳᠡᠯᠭᠡᠭᠦᠷ ᠳᠡᠭᠡᠳᠦ | ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ᠃ ᠳᠤᠮᠳᠠᠳᠤ | ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽ | ᠠᠶᠤᠯ ᠲᠦᠭᠰᠢᠭᠦᠷᠢ ︾ ᠲᠠᠢ ᠪᠢᠰᠢ᠂ ᠬᠠᠷᠢᠨ ᠬᠤᠶᠠᠷ ᠲᠠᠯ᠎ᠠ ᠶᠢᠨ | ᠬᠠᠷᠢᠯᠴᠠᠭ᠎ᠠ ᠲᠣᠭᠲᠠᠪᠤᠷᠢᠲᠠᠢ ᠪᠠᠶᠢᠬᠤ ᠶᠢᠨ ᠪᠠᠲᠤᠯᠠᠭ᠎ᠠ᠂ | ᠢᠷᠡᠭᠡᠳᠦᠢ ᠶᠢ ᠨᠡᠭᠡᠭᠡᠬᠦ ᠠᠵᠠ ᠲᠣᠭᠢᠶᠠᠯ ᠪᠣᠯᠣᠨ᠎ᠠ᠃ ᠮᠠᠰᠢᠨ | ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ | ᠬᠦᠷᠢᠶ᠎ᠡ ᠴᠦ ᠲᠡᠷᠡ᠂ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ | ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ | ᠮᠠᠨᠳᠤᠭᠰᠠᠨ ᠬᠦᠷᠢᠶ᠎ᠡ ᠴᠦ ᠲᠡᠷᠡ᠂ ᠬᠤᠶᠠᠷ ᠤᠯᠤᠰ ᠴᠥᠮ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠯᠤᠲᠤ ᠶᠡᠭᠡ | ᠲᠠᠯᠳᠠ ᠬᠦᠴᠦᠨ ᠢ ᠠᠭᠤᠳᠠᠯᠵᠤ ᠪᠣᠯᠣᠨ᠎ᠠ᠃ ᠬᠤᠶᠠᠷ | ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠢᠯᠡ ᠲᠣᠳᠣ ᠣᠨᠴᠠᠯᠢᠭ ᠢ ᠪᠠᠳᠠᠷᠠᠭᠤᠯᠵᠤ᠂ | ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ᠃ | ᠳᠤᠮᠳᠠᠳᠤ ᠤᠯᠤᠰ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ | ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ | ᠵᠡᠷᠭᠡ ᠶᠢ ᠭᠠᠳᠠᠭᠠᠳᠤ ᠳᠤ ᠭᠠᠷᠭᠠᠭᠰᠠᠨ ᠨᠢ ᠪᠦᠭᠦ | ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠭᠦ | ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ | ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠭᠦ | ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠪᠠ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ | ᠪᠠᠶᠢᠨ᠎ᠠ᠃ ᠳᠤᠮᠳᠠᠳᠤ ᠭᠧᠷᠮᠠᠨ ᠬᠤᠶᠠᠷ ᠤᠯᠤᠰ ᠴᠥᠮ ᠠᠵᠤ | ᠦᠢᠯᠡᠰ ᠢᠶᠠᠷ ᠤᠯᠤᠰ ᠢᠶᠠᠨ ᠪᠠᠶᠢᠭᠤᠯᠵᠤ᠂ ᠴᠥᠮ ᠴᠢᠯᠦᠭᠡᠲᠦ | ᠠᠷᠠᠯᠵᠢᠶ᠎ᠠ ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠶᠢ | ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ | ᠲᠣᠯᠣᠭᠠᠢ ᠥᠨᠳᠡᠶᠢᠬᠦ ᠶᠢ ᠰᠡᠷᠡᠮᠵᠢᠯᠡᠵᠦ᠂ ᠵᠠᠬ᠎ᠠ | ᠳᠡᠯᠭᠡᠭᠦᠷ ᠤᠨ ᠬᠠᠷᠠᠴᠠ ᠪᠣᠯᠣᠨ ᠪᠦᠭᠦ ᠪᠥᠮᠪᠥᠷᠴᠡᠭ ᠤᠨ | ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ | ᠪᠠᠷᠢᠮᠲᠠᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢᠨ | ᠠᠰᠠᠭᠤᠳᠠᠯ ᠳᠤ ᠪᠤᠰᠤᠳᠴᠢ᠂ ᠬᠤᠪᠢᠰᠤᠩᠭᠤᠢ ᠪᠠᠷ ᠬᠠᠨᠳᠤᠵᠤ᠂ | ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ᠃ | ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ | ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ | ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ | ᠬᠥᠭᠵᠢᠬᠦ ᠳᠤ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠤ᠂ | ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠬᠠᠩᠭᠠᠬᠤ ᠶᠢ ᠭᠧᠷᠮᠠᠨ ᠤ ᠬᠢᠨ ᠳᠤ ᠬᠦᠰᠡᠵᠦ | ᠪᠠᠶᠢᠨ᠎ᠠ᠃ ᠳᠤᠮᠳᠠᠳᠤ ᠭᠧᠷᠮᠠᠨ ᠳᠡᠯᠡᠬᠡᠢ ᠶᠢᠨ ᠣᠯᠠᠨ | ᠲᠤᠶᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ | ᠲᠠᠯ᠎ᠠ ᠲᠠᠢ ᠶᠤᠮ᠃ ᠤᠯᠠᠨ ᠲᠤᠶᠢᠯᠰᠢᠷᠠᠯᠲᠠ ᠨᠢ ᠮᠥᠨ ᠴᠢᠨᠠᠷ | ᠳᠡᠭᠡᠷ᠎ᠡ ᠪᠠᠨ ᠠᠳᠠᠯᠢ ᠪᠤᠰᠤ ᠪᠣᠯᠪᠠᠰᠤᠨ᠂ ᠠᠳᠠᠯᠢ ᠪᠤᠰᠤ | ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ | ᠬᠤᠭᠤᠷᠣᠨᠳᠤ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ | ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠧᠷᠮᠠᠨ | ᠪᠡᠶ᠎ᠡ ᠪᠠᠨ ᠳᠠᠭᠠᠭᠠᠵᠤ ᠡᠵᠡᠨ ᠮᠡᠳᠡᠨ ᠤᠯᠠᠨ ᠲᠠᠯ᠎ᠠ ᠶᠢᠨ | ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ | ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ | ᠠᠮᠢᠰᠬᠤᠯ ᠤᠨ ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ | ᠦᠭᠡᠢ ᠪᠠᠶᠢᠳᠠᠯ᠂ ᠭᠠᠵᠠᠷ ᠣᠷᠣᠨ ᠤ ᠮᠥᠷᠭᠦᠯᠳᠦᠭᠡᠨ ᠵᠡᠷᠭᠡ | ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ | ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ | ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ | ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃ | ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ | ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ᠂ ᠬᠤᠶᠠᠷ | ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ | ᠶᠠᠪᠤᠯᠴᠠᠭ᠎ᠠ ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ | ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ | ᠪᠠᠶᠢᠯᠳᠤᠬᠤ ᠪᠣᠳᠣᠯᠭ᠎ᠠ᠂ ᠡᠳ᠋ ᠤᠨ ᠵᠠᠰᠠᠭ ᠮᠥᠩᠭᠦᠨ | ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ | ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ᠂ ᠪᠠᠰᠠ | ᠠᠭᠤᠷ ᠠᠮᠢᠰᠬᠤᠯ ᠤᠨ ᠬᠤᠪᠢᠷᠠᠯᠲᠠ ᠪᠣᠯᠣᠨ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ | ᠪᠣᠯᠣᠨ᠎ᠠ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ ᠤ ᠠᠵᠤ | ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ | ᠱᠠᠩᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ | ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠣᠶᠢᠷ᠎ᠠ ᠶᠢᠨ | ᠵᠢᠯ ᠳᠤ ᠣᠯᠣᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ | ᠣᠶᠢᠯᠠᠭᠠᠵᠤ᠂ ᠭᠧᠷᠮᠠᠨ ᠳᠤᠮᠳᠠᠳᠤ ᠬᠤᠶᠠᠷ ᠤᠯᠤᠰ ᠤᠨ ᠠᠵᠤ | ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ | ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ᠃ | ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ | ᠴᠢᠩᠭᠠᠳᠬᠠᠵᠤ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ | ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ ᠵᠡᠷᠭᠡ | ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠠᠬᠢᠭᠤᠯᠤᠨ᠎ᠠ᠂ ᠡᠨᠡ ᠨᠢ ᠭᠧᠷᠮᠠᠨ ᠳᠤᠮᠳᠠᠳᠤ ᠬᠤᠶᠠᠷ ᠤᠯᠤᠰ | ᠵᠢᠴᠢ ᠳᠡᠯᠡᠬᠡᠢ ᠳ᠋ᠠᠬᠢᠨ ᠳᠤ ᠴᠥᠮ ᠲᠤᠶᠢᠯ ᠤᠨ ᠴᠢᠬᠤᠯᠠ ᠶᠤᠮ᠃ | ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ | ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ | ᠲᠠᠯᠠᠲᠤ ᠤᠯᠠᠨ ᠤᠯᠤᠰ ᠤᠨ ᠡᠮᠬᠢ ᠳᠢᠭᠯᠢᠮ ᠢ | ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ | ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ | ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ | ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ | ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠶᠢ ᠳᠠᠮᠵᠢᠨ᠎ᠠ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ | ᠪᠦᠷᠢᠯᠳᠦᠭᠦᠨ ᠪᠣᠯᠤᠭᠰᠠᠨ ᠤ ᠬᠤᠪᠢ ᠳᠤ᠂ ᠭᠧᠷᠮᠠᠨ | ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠰᠠᠶᠢᠨ | ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃ | ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶᠢᠨ ᠤ | ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠳᠤᠮᠳᠠᠳᠤ ᠭᠧᠷᠮᠠᠨ ᠴᠥᠮ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ | ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ᠂ | ᠴᠥᠮ᠎ᠡ ᠶᠢᠨ ᠵᠡᠪᠰᠡᠭ ᠬᠡᠷᠡᠭᠯᠡᠬᠦ ᠪᠤᠶᠤ ᠡᠩᠬᠡ ᠲᠠᠶᠢᠪᠤᠩ | ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ | ᠡᠰᠡᠷᠭᠦᠴᠡᠵᠦ᠂ ᠣᠯᠠᠨ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠯᠠᠨ | ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ | ᠭᠡᠵᠦ ᠢᠯᠡᠳᠬᠡᠪᠡ᠃ | ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ | ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ | ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ | ᠰᠡᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠬᠢᠨ | ᠡᠩᠬᠡ ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ | ᠴᠢᠷᠮᠠᠶᠢᠪᠠᠯ ᠵᠣᠬᠢᠨ᠎ᠠ᠃ ᠡᠶᠢᠮᠦ ᠠᠴᠠ ᠳᠣᠣᠷᠠᠬᠢ ᠬᠡᠳᠦᠨ | ᠵᠠᠷᠴᠢᠮ ᠢ ᠪᠠᠷᠢᠮᠲᠠᠯᠠᠪᠠᠯ ᠵᠣᠬᠢᠨ᠎ᠠ᠄ ᠨᠢᠭᠡ ᠳᠤ ᠡᠩᠬᠡ | ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ | ᠴᠢᠬᠤᠯᠠᠴᠢᠯᠠᠵᠤ᠂ ᠬᠤᠪᠢ ᠶᠢᠨ ᠠᠰᠢᠭ ᠲᠤᠰᠠ ᠪᠠᠨ | ᠬᠥᠭᠡᠭᠡᠴᠡᠯᠳᠦᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ | ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ᠂ | ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ ᠪᠠᠶᠢᠬᠤ | ᠬᠡᠷᠡᠭᠲᠡᠢ᠃ ᠭᠤᠷᠪᠠ ᠳᠤ ᠡᠩᠬᠡ ᠲᠠᠶᠢᠪᠤᠩ ᠢ ᠰᠡᠷᠭᠦᠭᠡᠬᠦ ᠳᠤ | ᠨᠥᠬᠦᠴᠡᠯ ᠬᠤᠷᠠᠮᠳᠤᠭᠤᠯᠵᠤ᠂ ᠵᠥᠷᠢᠴᠡᠯ ᠢ ᠴᠢᠨᠠᠭᠰᠢᠳᠠ | ᠬᠤᠷᠴᠠᠳᠬᠠᠬᠤ ᠦᠭᠡᠢ ᠪᠠᠶᠢᠬᠤ ᠬᠡᠷᠡᠭᠲᠡᠢ᠃ ᠳᠥᠷᠪᠡ ᠳᠤ | ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ | ᠨᠥᠯᠥᠭᠡ ᠶᠢ ᠪᠠᠭᠠᠰᠬᠠᠵᠤ᠂ ᠪᠦᠭᠦ ᠪᠥᠮᠪᠥᠷᠴᠡᠭ ᠤᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠲᠡᠢ᠃ ᠳᠤᠮᠳᠠᠳᠤ | ᠤᠯᠤᠰ ᠪᠣᠯ ᠦᠺᠷᠠᠶᠢᠨ ᠤ ᠬᠢᠮᠤᠷᠠᠯ ᠤᠨ ᠬᠤᠯᠪᠤᠭ᠎ᠠ ᠲᠠᠢ | ᠲᠠᠯ᠎ᠠ᠂ ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ ᠤᠨ | ᠠᠷᠭ᠎ᠠ ᠪᠠᠷ ᠢᠶᠠᠨ ᠡᠪᠰᠡᠬᠦ ᠶᠢ ᠢᠳᠬᠠᠵᠤ ᠬᠡᠯᠡᠯᠴᠡᠭᠡ | ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ | ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ | ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ | ᠲᠡᠮᠵᠢᠵᠥ᠂ ᠤᠷᠤᠰ ᠦᠺᠷᠠᠶᠢᠨ ᠬᠤᠶᠠᠷ ᠲᠠᠯ᠎ᠠ ᠶᠢᠨ ᠬᠢᠨ ᠪᠦᠷ | ᠮᠡᠳᠡᠷᠡᠬᠦ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ | ᠣᠷᠤᠯᠴᠠᠬᠤ᠂ ᠪᠤᠢ ᠪᠦᠬᠦᠢ ᠨᠠᠶᠢᠷᠠᠮᠳᠠᠯ ᠤᠨ ᠲᠥᠰᠥᠯ ᠢ ᠡᠷᠬᠡ | ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠬᠡ | ᠲᠠᠶᠢᠪᠤᠩ ᠤᠨ ᠬᠤᠷᠠᠯ ᠢ ᠴᠠᠭ ᠲᠠᠭᠠᠨ ᠲᠣᠬᠢᠷᠠᠭᠤᠯᠤᠨ | ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ | ᠪᠠᠭᠲᠠᠭᠠᠭᠰᠠᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ | ᠴᠢᠬᠤᠯᠠᠴᠢᠯᠠᠪᠠ᠃ | ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ | ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ | ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ | ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ | ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ | ᠦᠭᠡᠢ ᠶᠢᠨ ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ | ᠨᠠᠶᠢᠳᠠᠪᠤᠷᠢᠵᠢᠭᠤᠯᠵᠤ᠂ ᠬᠡᠷᠡᠭ ᠶᠡᠬᠡᠳᠬᠦ ᠶᠢ | ᠰᠡᠷᠭᠡᠶᠢᠯᠡᠵᠦ᠂ ᠪᠠᠶᠢᠳᠠᠯ ᠴᠢᠨᠠᠭᠰᠢᠳᠠ ᠮᠠᠭᠤᠳᠠᠬᠤ ᠠᠴᠠ | ᠵᠠᠶᠢᠯᠠᠰᠬᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ | ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ | ᠪᠠᠲᠤᠯᠠᠵᠤ᠂ ᠫᠠᠯᠧᠰᠲ᠋ᠠᠶᠢᠨ ᠤ ᠠᠰᠠᠭᠤᠳᠠᠯ ᠢ ︽ ᠬᠤᠶᠠᠷ | ᠤᠯᠤᠰ ᠤᠨ ᠲᠥᠰᠥᠯ ︾ ᠤᠨ ᠰᠠᠭᠤᠷᠢᠨ ᠳᠡᠭᠡᠷ᠎ᠡ ᠡᠷᠲᠡᠬᠡᠨ | ᠬᠡᠯᠡᠯᠴᠡᠭᠡ ᠬᠢᠬᠦ ᠪᠠᠷ ᠳᠠᠮᠵᠢᠨ ᠰᠢᠢᠳᠪᠦᠷᠢᠯᠡᠬᠦ ᠶᠢ | ᠳᠡᠮᠵᠢᠵᠦ᠂ ᠨᠥᠯᠥᠭᠡᠯᠡᠬᠦ ᠬᠦᠴᠦᠨ ᠲᠠᠢ ᠤᠯᠤᠰ ᠢ ᠭᠠᠵᠠᠷ | ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ | ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ | ᠤᠷᠢᠶᠠᠯᠠᠵᠤ᠂ ᠫᠠᠯᠧᠰᠲ᠋ᠠᠶᠢᠨ ᠤ ᠠᠰᠠᠭᠤᠳᠠᠯ ᠤᠨ ᠡᠷᠲᠡᠬᠡᠨ | ᠪᠦᠭᠦ ᠲᠠᠯ᠎ᠠ ᠶᠢᠨ᠂ ᠲᠥᠪ ᠭᠤᠣᠯᠴᠢ᠂ ᠤᠳᠠᠭᠠᠨ | ᠳᠠᠭᠠᠭᠠᠮᠠᠭᠠᠢ ᠪᠠᠷ ᠰᠢᠢᠳᠪᠦᠷᠢᠯᠡᠭᠳᠡᠬᠦ ᠶᠢ ᠠᠬᠢᠭᠤᠯᠪᠠᠯ | ᠵᠣᠬᠢᠨ᠎ᠠ ᠭᠡᠵᠦ ᠦᠵᠡᠪᠡ᠃ | ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ | ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ | ᠵᠣᠭᠤᠭᠯᠠᠵᠤ᠂ ᠥᠷᠭᠡᠨ ᠳᠡᠯᠭᠡᠷ ᠵᠥᠪᠯᠡᠬᠦ ᠵᠦᠢᠯ ᠤᠨ ᠲᠤᠬᠠᠢ | ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ᠃ | ᠸᠠᠩ ᠢ ᠠᠭᠤᠯᠵᠠᠯᠲᠠ ᠳᠤ ᠣᠷᠣᠯᠴᠠᠵᠠᠢ᠃ | |