ᠸᠠᠨ ᠴᠤᠤ ᠴᠢ ᠬᠤᠩᠱᠠᠨ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/2
     4 ᠰᠠᠷ᠎ᠠ ᠶᠢᠨ 1᠎ ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠬᠤᠩᠱᠠᠨ ᠲᠣᠭᠤᠷᠢᠭ ᠤᠨ ᠬᠤᠩᠱᠠᠨ ᠠᠭᠤᠯᠠ ᠶᠢᠨ ᠡᠷᠬᠢᠨ ᠲᠣᠭᠤᠷᠢᠨ ᠤ ᠣᠷᠣᠨ ᠪᠦᠰᠡ ᠳᠤ ᠬᠦᠷᠴᠦ᠂ ᠬᠤᠩᠱᠠᠨ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠵᠤᠭᠠᠴᠠᠯ ᠢ ᠬᠥᠭᠵᠢᠭᠦᠯᠬᠦ ᠵᠡᠷᠭᠡ ᠠᠵᠢᠯ ᠢ ᠴᠢᠩᠭᠠᠳᠬᠠᠬᠤ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠨᠢᠭᠡᠨ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠢᠮᠠᠭᠲᠠ ᠴᠢᠷᠮᠠᠶᠢᠨ ᠠᠵᠢᠯᠯᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠠᠮᠢᠶᠠᠷᠤᠯᠲᠠ ᠶᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠩᠱᠠᠨ ᠭᠡᠬᠦ ᠡᠨᠡᠬᠦ ᠥᠪᠡᠷᠮᠢᠴᠡ ᠣᠨᠴᠠᠯᠢᠭ ᠲᠠᠢ ᠬᠤᠳᠠ ᠶᠢᠨ ᠨᠡᠷ᠎ᠡ ᠶᠢᠨ ᠬᠠᠭᠤᠳᠠᠰᠤ ᠶᠢ ᠲᠠᠰᠤᠷᠠᠯᠳᠡ ᠦᠭᠡᠢ ᠭᠢᠯᠠᠯᠵᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠧᠨ ᠵᠠᠨ ᠶᠢᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠬᠤᠳᠠ ᠶᠢᠨ ᠳᠡᠳ᠋ ᠳᠠᠷᠤᠭ᠎ᠠ ᠵᠠᠩ ᠭᠦᠸᠧ ᠬᠤᠸᠠ᠂ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠴᠧᠨ ᠲᠠᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠸᠠᠨ ᠴᠤᠤ ᠴᠢ ᠬᠤᠩᠱᠠᠨ ᠤᠯᠤᠰ ᠤᠨ ᠤᠢ ᠰᠢᠭᠤᠢ ᠶᠢᠨ ᠴᠡᠴᠡᠷᠯᠢᠭ ᠲᠤ᠂ ᠬᠤᠩᠱᠠᠨ ᠤ ᠡᠷᠬᠢᠨ ᠲᠣᠭᠤᠷᠢᠨ ᠤ ᠭᠠᠵᠠᠷ ᠣᠷᠣᠨ ᠤ ᠲᠥᠯᠦᠪᠵᠢᠭᠦᠯᠭᠡ᠂ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠯᠪᠣᠭᠳᠠᠯ ᠪᠦᠬᠦᠢ ᠨᠢᠭᠡᠴᠡ ᠶᠢ ᠨᠡᠭᠦᠯᠭᠡᠬᠦ᠂ ᠢᠷᠡᠭᠡᠳᠦᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠣᠭᠴᠠᠯᠠᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠢ ᠬᠤᠳᠠ᠂ ᠲᠣᠭᠤᠷᠢᠭ ᠤᠨ ᠬᠤᠶᠠᠷ ᠱᠠᠲᠤᠨ ᠤ ᠺᠠᠲᠠᠷᠴᠤᠳ ᠲᠠᠢ ᠬᠠᠮᠲᠤ ᠪᠠᠷ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠶᠠᠷᠢᠯᠴᠠᠵᠤ᠂ ᠪᠣᠳᠠᠲᠠᠢ ᠱᠠᠭᠠᠷᠳᠠᠯᠭ᠎ᠠ ᠳᠤᠷᠠᠳᠪᠠ᠃ ᠲᠡᠷᠡ᠂ ᠬᠤᠩᠱᠠᠨ ᠤ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠬᠠᠮᠤᠭ ᠤᠨ ᠴᠢᠬᠤᠯᠠ ᠡᠬᠢ ᠡᠭᠦᠰᠦᠯ ᠤᠨ ᠨᠢᠭᠡ ᠪᠣᠯᠣᠨ᠎ᠠ᠂ ᠬᠤᠩᠱᠠᠨ ᠪᠣᠯ ᠤᠯᠠᠭᠠᠨᠬᠠᠳᠠ ᠶᠢᠨ ᠤᠬᠢ ᠰᠣᠳᠣ᠂ ᠤᠯᠠᠭᠠᠨᠬᠠᠳᠠ ᠶᠢᠨ ᠠᠷᠠᠳ ᠲᠦᠮᠡᠨ ᠤ ᠣᠮᠣᠭᠰᠢᠯ ᠪᠣᠯᠣᠨ᠎ᠠ᠂ ᠬᠤᠩᠱᠠᠨ  ᠠᠭᠤᠯᠠ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠬᠤᠩᠱᠠᠨ ᠠᠭᠤᠯᠠ ᠶᠢᠨ ᠦᠵᠡᠮᠵᠢ ᠶᠢᠨ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠬᠤᠩᠱᠠᠨ ᠠᠭᠤᠯᠠ ᠶᠢᠨ ᠰᠣᠶᠣᠯ ᠢ ᠰᠠᠶᠢᠲᠤᠷ ᠪᠠᠳᠠᠷᠠᠭᠤᠯᠬᠤ ᠪᠣᠯ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠰᠣᠶᠣᠯ︾ ᠎ ᠤᠨ ᠲᠦᠷᠦᠯ ᠲᠡᠮᠳᠡᠭ ᠢ ᠮᠠᠨᠳᠤᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠃ ᠬᠤᠩᠱᠠᠨ ᠠᠭᠤᠯᠠ ᠶᠢᠨ ᠡᠷᠬᠢᠨ ᠲᠣᠭᠤᠷᠢᠨ ᠤ ᠣᠷᠣᠨ ᠪᠦᠰᠡ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠠᠮᠢᠶ᠎ᠠ ᠪᠦᠬᠦᠢ ᠨᠢᠭᠡᠴᠡ ᠶᠢᠨ ᠲᠥᠯᠦᠪᠵᠢᠭᠦᠯᠭᠡ ᠶᠢᠨ ᠣᠷᠣᠨ ᠠᠴᠠ ᠲᠦᠷᠭᠡᠨ ᠤᠬᠤᠷᠢᠨ ᠭᠠᠷᠬᠤ ᠶᠢ ᠠᠬᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ ᠶᠢ ᠭᠤᠶᠣᠵᠢᠭᠤᠯᠤᠨ ᠨᠣᠭᠤᠭᠠᠷᠠᠭᠤᠯᠵᠤ᠂ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠤᠩᠱᠠᠨ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠠᠭᠤᠷᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠰᠣᠶᠣᠯ ᠤᠨ ᠨᠡᠷᠡᠳᠤ ᠠᠭᠤᠯᠠ ᠶᠢ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠬᠤᠳᠠ ᠶᠢᠨ ᠠᠷᠠᠳ ᠤᠯᠠᠨ ᠳᠤ ᠡᠭᠦᠳᠡᠨ ᠡᠮᠦᠨᠡᠬᠢ ᠰᠠᠶᠢᠨ ᠭᠠᠵᠠᠷ ᠬᠠᠩᠭᠠᠬᠤ ᠬᠡᠷᠡᠭᠲᠡᠢ᠃ ᠬᠤᠩᠱᠠᠨ ᠠᠭᠤᠯᠠ ᠪᠠᠷ ᠭᠤᠣᠯ ᠪᠣᠯᠭᠠᠭᠰᠠᠨ ᠲᠡᠦᠬᠡ ᠰᠣᠶᠣᠯ ᠤᠨ ᠵᠢᠭᠤᠯᠴᠢᠯᠠᠯ ᠤᠨ ᠣᠷᠣᠨ ᠢ ᠪᠠᠶᠢᠭᠤᠯᠵᠤ᠂ ᠨᠠᠷᠢᠨ ᠨᠢᠮᠪᠠᠢ ᠲᠥᠯᠥᠪᠵᠢᠭᠦᠯᠦᠨ ᠲᠥᠯᠥᠪᠯᠡᠵᠦ᠂ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ᠂ ᠰᠣᠩᠭᠤᠳᠠᠭ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠵᠣᠬᠢᠶᠠᠨ ᠪᠦᠲᠦᠭᠡᠵᠦ᠂ ᠬᠤᠩᠱᠠᠨ ᠰᠣᠶᠣᠯ ᠤᠨ ᠲᠤᠰᠬᠠᠢ ᠰᠡᠳᠦᠪᠲᠦ ᠵᠢᠭᠤᠯᠴᠢᠯᠠᠯ ᠢ ᠰᠦᠪᠡᠭᠴᠢᠯᠡᠨ ᠥᠷᠨᠢᠭᠦᠯᠵᠦ᠂ ︽ᠰᠣᠶᠣᠯ ᠪᠣᠯᠪᠠᠰᠤᠨ ᠤ ᠭᠢᠯᠪᠠᠭ᠎ᠠ᠂ ᠠᠷᠢᠭᠤᠨ ᠣᠷᠣᠨ ᠬᠤᠩᠱᠠᠨ ᠠᠭᠤᠯᠠ︾᠎ ᠶᠢᠨ ᠨᠡᠶᠢᠭᠡᠮ ᠤᠨ ᠨᠥᠯᠥᠭᠡ ᠶᠢ ᠥᠷᠭᠡᠳᠬᠡᠬᠦ ᠬᠡᠷᠡᠭᠲᠡᠢ᠃ ᠬᠤᠩᠱᠠᠨ ᠠᠭᠤᠯᠠ ᠶᠢ ᠬᠠᠮᠠᠭᠠᠯᠠᠬᠤ᠂ ᠬᠤᠩᠱᠠᠨ ᠠᠭᠤᠯᠠ ᠶᠢ ᠰᠠᠶᠢᠲᠤᠷ ᠠᠰᠢᠭᠯᠠᠬᠤ ᠨᠢ ᠬᠤᠩᠱᠠᠨ ᠵᠥᠪᠬᠡᠨ ᠲᠣᠭᠤᠷᠢᠭ ᠤᠨ ᠡᠭᠦᠷᠭᠡ ᠪᠢᠰᠢ᠂ ᠬᠤᠳᠠ ᠲᠣᠭᠤᠷᠢᠭ ᠬᠤᠶᠠᠷ ᠱᠠᠲᠤᠨ ᠤ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠤᠳᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠴᠥᠮ ᠶᠡᠭᠡ ᠲᠠᠯ᠎ᠠ ᠶᠢ ᠬᠠᠷᠠᠭᠠᠯᠵᠠᠵᠤ᠂ ᠢᠳᠡᠪᠬᠢᠲᠡᠢ ᠬᠠᠮᠵᠢᠯᠴᠠᠵᠤ᠂ ᠬᠤᠩᠱᠠᠨ ᠲᠣᠭᠤᠷᠢᠭ ᠤᠨ ᠬᠢᠨ ᠵᠣᠬᠢᠴᠠᠭᠤᠯᠤᠨ ᠠᠬᠢᠭᠤᠯᠬᠤ ᠠᠵᠢᠯ ᠢ ᠢᠯᠡᠭᠦᠬᠡᠨ ᠬᠢᠵᠦ᠂ ᠣᠨᠴᠠᠭᠠᠶᠢᠯᠠᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠮᠢᠶᠠᠷᠬᠤ ᠶᠢ ᠰᠠᠶᠢᠲᠤᠷ ᠠᠳᠬᠤᠬᠤ ᠬᠡᠷᠡᠭᠲᠡᠢ᠃  ᠬᠠᠩᠰᠢ ᠎ ᠶᠢᠨ ᠡᠳᠦᠷ ᠣᠶᠢᠷᠠᠲᠤᠵᠤ᠂ ᠮᠠᠨ ᠤ ᠬᠤᠲᠠ ᠶᠢᠨ ᠵᠢᠭᠤᠯᠴᠢᠯᠠᠯ ᠤᠨ  ᠬᠠᠯᠠᠮᠰᠢᠯ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠲᠠᠯ᠎ᠠ ᠶᠢᠨ ᠬᠢᠨ ᠣᠨᠴᠠᠭᠠᠶᠢᠯᠠᠨ ᠬᠤᠩᠱᠠᠨ ᠲᠣᠭᠤᠷᠢᠭ ᠪᠣᠯᠣᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠠᠵᠢᠯ ᠢᠶᠠᠨ ᠱᠠᠯᠠᠪᠳᠠᠨ ᠬᠢᠵᠦ᠂ ᠵᠠᠰᠠᠯᠲᠠ ᠪᠠᠨ ᠴᠢᠩᠭᠠᠳᠬᠠᠵᠤ᠂ ᠪᠦᠲᠦᠮᠵᠢᠲᠡᠢ ᠬᠠᠮᠢᠶᠠᠷᠴᠤ᠂ ᠤᠬᠠᠭᠤᠯᠭ᠎ᠠ ᠪᠠᠨ ᠥᠷᠭᠡᠳᠬᠡᠵᠦ᠂ ᠵᠤᠭᠠᠴᠠᠭᠰᠠᠳ ᠢ ᠲᠠᠲᠠᠵᠤ᠂ ᠬᠤᠩᠱᠠᠨ ᠠᠴᠠ ᠡᠬᠢᠯᠡᠨ ᠬᠢᠵᠦ᠂ ᠬᠤᠲᠠ ᠶᠢᠨ ᠲᠣᠭᠤᠷᠢᠭ ᠤᠨ ᠵᠢᠭᠤᠯᠴᠢᠯᠠᠯ ᠢ ᠬᠥᠭᠵᠢᠭᠡᠨ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠶᠢᠴᠢᠯᠠᠯᠲᠠ ᠶᠢᠨ ᠠᠯᠪᠠᠨ ᠭᠡᠷ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ᠂ ᠤᠯᠤᠰ ᠤᠨ ᠴᠠᠬᠢᠯᠭᠠᠨ ᠲᠣᠣᠷ ᠤᠨ ᠤᠯᠠᠭᠠᠨᠬᠠᠳᠠ ᠶᠢᠨ ᠴᠠᠬᠢᠯᠭᠠᠨ ᠬᠠᠩᠭᠠᠬᠤ ᠺᠣᠮᠫᠠᠨᠢ᠂ ᠤᠯᠠᠭᠠᠨᠬᠠᠳᠠ ᠶᠢᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠲᠥᠪ ᠥᠷᠲᠡᠭᠡ ᠶᠢᠨ ᠬᠠᠷᠢᠭᠤᠴᠠᠯᠭᠠᠲᠠᠨ  ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ