| | | 4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠲᠠᠪᠤᠳᠤᠭᠠᠷ ᠪᠦᠯᠦᠭ ᠤᠨ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ︱ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶ᠎ᠠ ᠶᠢᠨ ᠥᠪᠥᠷ | ᠮᠣᠩᠭᠤᠯ ᠤᠨ ᠡᠮᠨᠡᠯᠭᠡ ᠶᠢᠨ ᠬᠤᠷᠢᠶ᠎ᠠ ᠤᠯᠠᠭᠠᠨᠬᠠᠳᠠ ᠬᠤᠲᠠ ᠳᠤ ᠫᠠᠶᠢᠰᠠ ᠰᠡᠬᠦᠪᠡ᠃ | | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠨᠢ | ᠲᠠᠪᠤᠳᠤᠭᠠᠷ ᠪᠦᠯᠦᠭ ᠤᠨ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ | ᠂ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠥᠷᠥᠯ ᠵᠦᠢᠯ ᠤᠨ ᠨᠢᠭᠡ ᠪᠣᠯᠣᠨ᠎ᠠ᠂ | ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠪᠠᠶᠢᠭᠤᠯᠵᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ | ᠬᠤᠷᠢᠶ᠎ᠠ ᠪᠠᠷ ᠭᠠᠳᠠᠭᠰᠢ ᠭᠠᠷᠭᠠᠬᠤ ᠡᠮᠨᠡᠯᠭᠡ ᠶᠢᠨ ᠬᠤᠷᠢᠶ᠎ᠠ ᠪᠣᠯᠭᠠᠵᠤ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠪᠠᠷ ᠲᠦᠰᠢᠭ ᠪᠣᠯᠭᠠᠭᠰᠠᠨ | ᠤᠯᠤᠰ ᠤᠨ ᠮᠡᠳᠡᠷᠡᠯ ᠤᠨ ᠡᠪᠡᠳᠴᠢᠨ ᠤ ᠣᠷᠣᠨ ᠪᠦᠰᠡ ᠵᠢᠨᠡᠮᠴᠢᠯᠡᠭᠡᠨ ᠤ ᠲᠥᠪ ᠪᠣᠯᠭᠠᠵᠤ᠂ 1000 ᠣᠷᠣ ᠲᠣᠬᠢᠷᠠᠭᠤᠯᠤᠨ᠎ᠠ᠃ ᠡᠮᠨᠡᠯᠭᠡ ᠶᠢᠨ ᠬᠤᠷᠢᠶ᠎ᠠ ᠨᠢ | ︽ᠠᠳᠠᠯᠢ ᠴᠢᠨᠠᠷ ᠢᠶᠠᠷ ᠬᠠᠮᠢᠶᠠᠷᠬᠤ᠂ ᠠᠯᠬᠤᠮ ᠬᠤᠪᠢᠶᠠᠨ ᠨᠠᠶᠢᠳᠠᠪᠤᠷᠢᠵᠢᠭᠤᠯᠬᠤ᠂ ᠲᠠᠰᠤᠷᠠᠯᠲᠠ ᠦᠭᠡᠢ ᠳᠡᠭᠡᠭᠰᠢᠯᠡᠭᠦᠯᠬᠦ᠂ ᠬᠠᠷᠠᠯᠲᠠ ᠪᠠᠨ ᠢᠵᠢᠯᠢᠰᠢᠭᠦᠯᠬᠦ ︾ | ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ︽3+N︾ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠵᠤ᠂ ᠮᠡᠳᠡᠷᠡᠯ ᠤᠨ ᠳᠣᠲᠣᠷ ᠰᠠᠯᠠᠭ᠎ᠠ᠂ | ᠮᠡᠳᠡᠷᠡᠯ ᠤᠨ ᠭᠠᠳᠠᠷ ᠰᠠᠯᠠᠭ᠎ᠠ᠂ ᠡᠷᠡᠭᠦᠯᠵᠢᠯ ᠤᠨ ᠡᠮᠨᠡᠯᠭᠡ ᠶᠢᠨ ᠰᠠᠯᠠᠭ᠎ᠠ ᠵᠡᠷᠭᠡ ᠲᠤᠰᠬᠠᠢ ᠰᠠᠯᠠᠭ᠎ᠠ ᠪᠠᠷ ᠰᠠᠭᠤᠷᠢ ᠪᠣᠯᠭᠠᠵᠤ᠂ ᠳᠦᠷᠰᠦ ᠰᠢᠩᠭᠡᠭᠡᠯᠲᠡ ᠶᠢᠨ ᠰᠠᠯᠠᠭ᠎ᠠ᠂ | ᠡᠪᠡᠳᠴᠢᠨ ᠤ ᠵᠦᠢ ᠶᠢᠨ ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ ᠵᠡᠷᠭᠡ ᠲᠤᠰᠬᠠᠢ ᠰᠠᠯᠠᠭ᠎ᠠ ᠪᠠᠷ ᠲᠤᠯᠭᠠᠭᠤᠷᠢᠯᠠᠯ ᠪᠣᠯᠭᠠᠵᠤ᠂ ᠤᠯᠤᠰ ᠤᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠬᠤ᠂ ᠨᠢᠭᠡᠨᠲᠡ ᠣᠯᠣᠭᠰᠠᠨ ᠲᠤᠷᠰᠢᠯᠭ᠎ᠠ ᠪᠠᠷ ᠲᠣᠯᠢ ᠪᠣᠯᠭᠠᠬᠤ᠂ ᠬᠠᠮᠢᠶᠠᠷᠤᠯᠲᠠ ᠶᠢᠨ ᠠᠷᠭ᠎ᠠ ᠵᠠᠮ ᠢ ᠬᠠᠶᠢᠨ ᠰᠦᠪᠡᠭᠴᠢᠯᠡᠬᠦ᠂ | ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠬᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ 5 ︱ 10 ᠵᠢᠯ ᠳᠤ ︽ᠨᠠᠷᠠᠲᠤ | ᠲᠡᠮᠳᠡᠭ᠂ ᠬᠠᠮᠢᠶᠠᠷᠤᠯᠲᠠ᠂ ᠮᠡᠷᠭᠡᠵᠢᠯ︾ ᠤᠨ ᠭᠤᠷᠪᠠ ᠶᠢ ᠲᠡᠭᠰᠢ ᠰᠢᠯᠵᠢᠭᠦᠯᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠬᠠᠮᠢᠶᠠᠷᠤᠯᠲᠠ᠂ ᠡᠮᠴᠢᠯᠡᠭᠡ᠂ ᠵᠢᠭᠠᠨ | ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠵᠡᠷᠭᠡ ᠲᠠᠯ᠎ᠠ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠯᠬᠤᠮ ᠠᠯᠬᠤᠮ ᠢᠶᠠᠷ ᠠᠬᠢᠭᠤᠯᠤᠨ᠎ᠠ᠃ | | | | |