| ᠰᠤᠷᠪᠤᠯᠵᠢᠯᠠᠭᠰᠠᠨ ᠵᠣᠴᠢᠨ᠄ ᠮᠢᠶᠣᠣ ᠷᠦᠨ ᠱᠧᠩ᠂ ᠸᠠᠩ ᠸᠧᠨ ᠬᠤᠸ᠂ ᠬᠠᠨ ᠯᠠᠢ ᠹᠧᠩ | | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | 4 ᠰᠠᠷ᠎ᠠ ᠶᠢᠨ 22 ᠤᠨ ᠡᠳᠦᠷ᠂ ᠤᠯᠠᠭᠠᠨᠬᠠᠳᠠ ᠬᠤᠲᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠲᠣᠰ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ | ᠲᠠᠨᠢᠯᠴᠠᠭᠤᠯᠪᠠ᠃ | 2022 ᠣᠨ ᠠᠴᠠ ᠨᠠᠰᠢ᠂ ᠤᠯᠠᠭᠠᠨᠬᠠᠳᠠ ᠬᠤᠲᠠ ᠶᠢᠨ ᠬᠤᠶᠠᠷ ᠱᠠᠲᠤᠨ ᠤ ᠰᠢᠭᠦᠬᠦ ᠬᠤᠷᠢᠶ᠎ᠠ ᠨᠡᠶᠢᠲᠡ 970 ᠬᠤᠪᠢ ᠡᠯ᠎ᠡ ᠲᠥᠷᠥᠯ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠢ ᠰᠢᠭᠦᠨ ᠳᠠᠭᠤᠰᠬᠠᠪᠠ᠂ ᠡᠭᠦᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠷᠭᠡᠨ ᠤ ᠬᠡᠷᠡᠭ | 950ᠬᠤᠪᠢ᠂ ᠡᠷᠡᠭᠦᠦ ᠶᠢᠨ ᠬᠡᠷᠡᠭ 20 ᠬᠤᠪᠢ ᠪᠣᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠷᠭᠡᠨ ᠤ ᠬᠡᠷᠡᠭ ᠤᠨ ᠳᠣᠲᠣᠷ᠎ᠠ ᠲᠠᠸᠠᠷ ᠤᠨ | ᠲᠡᠮᠳᠡᠭᠲᠦ ᠶᠢᠨ ᠡᠷᠬᠡ ᠶᠢᠨ ᠵᠢᠭᠤᠷᠠᠯᠳᠤᠭᠠᠨ 298 ᠬᠤᠪᠢ᠂ ᠵᠣᠬᠢᠶᠠᠯ ᠪᠦᠲᠦᠭᠡᠯ ᠤᠨ ᠡᠷᠬᠡ ᠶᠢᠨ ᠵᠢᠭᠤᠷᠠᠯᠳᠤᠭᠠᠨ 478 ᠬᠤᠪᠢ᠂ ᠲᠤᠰᠬᠠᠢ ᠠᠰᠢᠭ ᠤᠨ | ᠡᠷᠬᠡ ᠶᠢᠨ ᠵᠢᠭᠤᠷᠠᠯᠳᠤᠭᠠᠨ 10 ᠬᠤᠪᠢ᠂ ᠵᠦᠢ ᠪᠤᠰᠤ ᠥᠷᠢᠰᠦᠯᠳᠦᠭᠡᠨ ᠤ ᠬᠡᠷᠡᠭ 61 ᠬᠤᠪᠢ᠂ ᠪᠤᠰᠤᠳ ᠬᠡᠷᠡᠭ 103 ᠬᠤᠪᠢ ᠪᠣᠶ᠃ | ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠪᠠᠳᠠᠷᠠᠭᠤᠯᠬᠤ ᠲᠠᠯ᠎ᠠ ᠪᠠᠷ᠂ ︽ᠦ᠋ ᠯᠢᠶᠠᠩ ᠶᠧ︾᠂ ︽ᠨᠢᠩ ᠴᠧᠩ ᠯᠣᠣ ᠵᠢᠶᠣᠣ︾᠂ ︽ᠯᠢᠦ ᠱᠧᠨ ᠬᠤᠸᠠ | ᠯᠦ ᠱᠦᠢ︾᠂ ︽ᠶᠡᠭᠡ ᠮᠠᠯᠵᠢᠯ ᠤᠨ ᠲᠠᠯᠠᠪᠠᠢ︾ ᠵᠡᠷᠭᠡ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ ᠰᠢᠷᠢᠰ ᠬᠡᠷᠡᠭ ᠢ ᠬᠠᠤᠯᠢ ᠶᠣᠰᠣᠭᠠᠷ ᠰᠢᠭᠦᠨ | ᠰᠢᠢᠳᠪᠦᠷᠢᠯᠡᠵᠦ᠂ ᠵᠠᠭᠠᠯᠳᠤᠭᠳᠠᠭᠴᠢ ᠶᠢᠨ ᠡᠷᠬᠡ ᠳᠤ ᠬᠠᠯᠳᠠᠬᠤ ᠶᠢ ᠵᠣᠭᠰᠤᠭᠠᠬᠤ ᠶᠢᠨ ᠬᠠᠮᠲᠤ ᠵᠠᠭᠠᠯᠳᠤᠭᠴᠢ ᠶᠢᠨ ᠠᠵᠤ ᠠᠬᠤᠢ ᠶᠢᠨ ᠬᠤᠬᠢᠷᠠᠯ ᠵᠢᠴᠢ ᠵᠦᠢ | ᠵᠣᠬᠢᠰᠲᠠᠢ ᠵᠠᠷᠤᠯᠭ᠎ᠠ ᠶᠢ ᠲᠥᠯᠥᠭᠦᠯᠬᠦ ᠪᠠᠷ ᠰᠢᠭᠦᠨ ᠲᠠᠰᠤᠯᠤᠭᠰᠠᠨ ᠪᠠ ᠡᠶᠡᠳᠡᠭᠦᠯᠪᠡ᠃ ᠢᠳᠡᠭᠡᠨ ᠤ ᠵᠦᠢᠯ᠂ ᠡᠮ ᠤᠨ ᠵᠦᠢᠯ᠂ ᠡᠬᠡ ᠨᠢᠯᠬᠠᠰ ᠤᠨ ᠬᠡᠷᠡᠭᠯᠡᠭᠡᠨ ᠤ | ᠵᠦᠢᠯ᠂ ᠦᠷ᠎ᠡ᠂ ᠬᠢᠮᠢ ᠶᠢᠨ ᠪᠣᠷᠳᠣᠭᠤᠷ᠂ ᠲᠡᠮᠦᠷᠯᠢᠭ ᠵᠡᠷᠭᠡ ᠬᠦᠷᠢᠶᠡᠨ ᠳᠤ ᠬᠤᠯᠪᠣᠭᠳᠠᠭᠰᠠᠨ ᠠᠷᠠᠳ ᠤᠯᠠᠨ ᠤ ᠢᠳᠡᠭᠡᠨ ᠤ ᠠᠶᠤᠯᠭᠦᠢ᠂ ᠠᠮᠢ ᠨᠠᠰᠤ ᠡᠷᠡᠭᠦᠯ | ᠮᠡᠨᠳᠤ᠂ ᠲᠠᠷᠢᠶᠠᠯᠠᠩ ᠤᠨ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠬᠦᠨᠳᠦ | ᠴᠣᠬᠢᠯᠲᠠ ᠥᠭᠴᠦ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠬᠠᠮᠠᠭᠠᠯᠠᠪᠠ᠃ ᠵᠢᠱᠢᠶᠡᠯᠡᠪᠡᠯ᠂ ᠯᠢᠨ ᠣᠪᠣᠭᠲᠤ ᠶᠢᠨ ᠬᠠᠤᠯᠢ ᠪᠤᠰᠤ ᠪᠠᠷ | ᠦᠷ᠎ᠡ ᠶᠢᠨ ᠲᠠᠸᠠᠷ ᠤᠨ ᠲᠡᠮᠳᠡᠭᠲᠦ ᠶᠢ ᠦᠢᠯᠡᠳᠦᠭᠰᠡᠨ ᠬᠡᠷᠡᠭ ᠨᠢ ᠪᠦᠬᠦ ᠣᠷᠣᠨ ᠤ ᠰᠢᠭᠦᠬᠦ ᠬᠤᠷᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠢᠭᠦᠨ ᠲᠠᠰᠤᠯᠤᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠣᠯᠵᠤ᠂ ᠰᠢᠭᠦᠨ ᠲᠠᠰᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ 2023 ᠣᠨ ᠳᠤ᠂ ᠤᠯᠠᠭᠠᠨᠬᠠᠳᠠ ᠬᠤᠲᠠ ᠶᠢᠨ ᠰᠢᠭᠦᠬᠦ ᠬᠤᠷᠢᠶ᠎ᠠ ᠶᠢᠨ ᠨᠢᠭᠡᠳᠦᠭᠡᠷ ᠰᠢᠭᠦᠯᠲᠡ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠢᠷᠭᠡᠨ ᠤ ᠬᠡᠷᠡᠭ ᠢ ᠰᠢᠭᠦᠭᠰᠡᠨ ᠳᠤᠮᠳᠠᠴᠢ ᠡᠳᠦᠷ ᠤᠨ ᠲᠤᠭ᠎ᠠ 28.5 ᠳᠤ ᠬᠦᠷᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠡᠷᠡᠭ ᠤᠨ ᠰᠢᠭᠦᠬᠦ ᠬᠤᠭᠤᠴᠠᠭᠠᠨ ᠳᠤ ᠰᠢᠭᠦᠵᠦ ᠳᠠᠭᠤᠰᠬᠠᠭᠰᠠᠨ ᠨᠣᠷᠮ᠎ᠠ 100% ᠳᠤ ᠬᠥᠷᠪᠡ᠃ | 2022 ᠣᠨ ᠤ 6 ᠰᠠᠷ᠎ᠠ ᠠᠴᠠ ᠣᠲᠣ ᠪᠣᠯᠲᠠᠯ᠎ᠠ᠂ ᠪᠥᠬᠦ ᠬᠤᠲᠠ ᠶᠢᠨ ᠬᠤᠶᠠᠷ ᠱᠠᠲᠤᠨ ᠤ ᠪᠠᠶᠢᠴᠠᠭᠠᠬᠤ ᠬᠤᠷᠢᠶ᠎ᠠ ᠨᠡᠶᠢᠲᠡ 13 ᠬᠡᠷᠡᠭ ᠤᠨ 18 ᠬᠥᠮᠥᠨ | ᠢ ᠭᠥᠯᠢᠶᠡᠨ ᠠᠪᠴᠤ ᠬᠢᠨᠠᠨ ᠪᠠᠶᠢᠴᠠᠭᠠᠵᠤ ᠪᠠᠷᠢᠪᠴᠢᠯᠠᠵᠤ᠂ 8 ᠬᠡᠷᠡᠭ ᠤᠨ 12 ᠬᠥᠮᠥᠨ ᠢ ᠪᠠᠷᠢᠪᠴᠢᠯᠠᠬᠤ ᠶᠢ ᠵᠥᠪᠰᠢᠶᠡᠷᠡᠵᠦ᠂ 41 ᠬᠡᠷᠡᠭ ᠤᠨ 70 ᠬᠥᠮᠥᠨ ᠢ | ᠰᠢᠯᠵᠢᠭᠦᠯᠦᠨ ᠬᠦᠷᠭᠡᠵᠦ᠂ 19 ᠬᠡᠷᠡᠭ ᠤᠨ 37 ᠬᠥᠮᠥᠨ ᠢ ᠵᠠᠭᠠᠯᠳᠤᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ 15 ᠬᠡᠷᠡᠭ ᠤᠨ | 24 ᠬᠥᠮᠥᠨ ᠢ ᠵᠠᠭᠠᠯᠳᠤᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠴᠠᠭᠠᠬᠤ ᠰᠠᠨᠠᠭᠤᠯᠭ᠎ᠠ ᠶᠢ 14 ᠬᠤᠪᠢ ᠲᠣᠭᠲᠠᠭᠠᠨ ᠲᠠᠷᠬᠠᠭᠠᠵᠤ᠂ | ᠡᠭᠦᠨ ᠤ ᠳᠣᠲᠣᠷ᠎ᠠ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠰᠠᠨᠠᠭᠤᠯᠭ᠎ᠠ 13 ᠬᠤᠪᠢ᠂ ᠵᠠᠰᠠᠭ ᠵᠠᠬᠢᠷᠭᠠᠨ ᠤ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢᠨ ᠪᠠᠶᠢᠴᠠᠭᠠᠬᠤ ᠰᠠᠨᠠᠭᠤᠯᠭ᠎ᠠ 1 ᠬᠤᠪᠢ ᠪᠤᠢ᠃ ᠠᠤᠬᠠᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠠᠤᠬᠠᠨ ᠨᠠᠷᠢᠮᠤ | ︾ ᠶᠢᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ ᠬᠠᠮᠠᠭᠠᠯᠠᠬᠤ ᠶᠢ ᠰᠢᠪᠠᠳᠠᠭᠰᠠᠨ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠬᠡᠷᠡᠭ ᠨᠢ ︽ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠤᠯᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ︾ ᠪᠠᠷ ᠦᠨᠡᠯᠡᠭᠳᠡᠪᠡ᠃ | ᠪᠦᠬᠦ ᠬᠤᠳᠠ ᠶᠢᠨ ᠬᠤᠶᠠᠷ ᠱᠠᠲᠤᠨ ᠤ ᠪᠠᠶᠢᠴᠠᠭᠠᠬᠤ ᠬᠤᠷᠢᠶ᠎ᠠ ᠨᠡᠶᠢᠭᠡᠮ ᠲᠣᠭᠤᠷᠢᠭ ᠤᠨ ᠬᠠᠮᠲᠤ ᠪᠠᠷ ᠬᠤᠳᠠᠯᠳᠤᠨ ᠠᠪᠬᠤ᠂ ᠰᠦᠯᠵᠢᠶ᠎ᠡ ᠪᠠᠷ ᠡᠵᠡᠩᠨᠡᠨ | ᠪᠣᠷᠣᠯᠠᠭᠤᠯᠬᠤ᠂ ᠰᠢᠭᠤᠳ ᠨᠡᠪᠲᠡᠷᠡᠭᠦᠯᠬᠦ ᠪᠠᠷᠠᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠᠯ ᠬᠠᠭᠤᠷᠮᠠᠭ ᠢᠳᠡᠭᠡᠨ᠂ ᠡᠮ ᠤᠨ ᠵᠦᠢᠯ᠂ ᠡᠳᠦᠷ ᠳᠤᠳᠤᠮ ᠤᠨ ᠬᠡᠷᠡᠭᠯᠡᠭᠡᠨ ᠤ ᠵᠦᠢᠯ᠂ ᠬᠤᠪᠴᠠᠰᠤ ᠬᠤᠨᠠᠷ ᠤᠨ ᠠᠪᠳᠠᠷ᠎ᠠ ᠪᠣᠭᠤᠳᠠᠯ ᠦᠢᠯᠡᠳᠴᠦ | ᠪᠣᠷᠣᠯᠠᠭᠤᠯᠬᠤ ᠵᠢᠴᠢ ᠬᠤᠯᠠᠭᠠᠶᠢᠯᠠᠨ ᠬᠡᠪᠯᠡᠭᠰᠡᠨ ᠨᠣᠮ ᠪᠢᠴᠢᠭ᠂ ᠲᠣᠭᠯᠠᠭᠠᠮ ᠤᠨ ᠵᠦᠢᠯ᠂ ᠵᠥᠭᠡᠯᠡᠨ ᠲᠣᠨᠤᠭ ᠵᠡᠷᠭᠡ ᠠᠷᠠᠳ ᠤᠨ ᠠᠮᠢᠳᠤᠷᠠᠯ ᠤᠨ ᠤᠯᠠᠮᠵᠢᠯᠠᠯᠲᠤ | ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠬᠡᠷᠡᠭ ᠢ ᠬᠠᠤᠯᠢ ᠶᠣᠰᠣᠭᠠᠷ ᠵᠠᠯᠬᠠᠭᠠᠨ ᠰᠢᠳᠭᠡᠵᠦ᠂ ᠢᠷᠭᠡᠨ ᠤ | ᠵᠠᠷᠭᠤ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠡᠷᠡᠭᠯᠡᠭᠴᠢᠳ ᠤᠨ ᠠᠰᠢᠭ ᠲᠤᠰᠠ ᠶᠢ | ᠬᠠᠮᠠᠭᠠᠯᠠᠬᠤ ᠶᠢ ᠬᠠᠮᠲᠤ ᠳᠤᠨᠢ ᠬᠠᠷᠠᠭᠠᠯᠵᠠᠪᠠ᠂ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ ᠪᠣᠳᠠᠰ ᠤᠨ ᠡᠮ ᠡᠮᠨᠡᠯᠭᠡ᠂ ᠲᠡᠷᠢᠭᠦᠨ ᠤ ᠦᠢᠯᠡᠳᠬᠦ ᠦᠢᠯᠡᠰ᠂ ᠰᠢᠨ᠎ᠡ | ᠡᠨᠧᠷᠭᠢ ᠶᠢᠨ ᠰᠤᠷᠪᠤᠯᠵᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠷᠠᠭᠰᠠᠨ ᠬᠡᠯᠪᠡᠷᠢ ᠶᠢᠨ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ | ᠢᠶᠠᠨ ᠲᠥᠪᠯᠡᠷᠡᠭᠦᠯᠵᠦ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠭᠡᠵᠦ᠂ ᠬᠦᠴᠦᠲᠡᠢ ᠴᠣᠬᠢᠯᠲᠠ | ᠥᠭᠴᠦ᠂ ᠰᠦᠷᠳᠡᠭᠦᠯᠦᠯ ᠢ ᠪᠤᠢ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠯᠬᠢᠨ ᠠᠬᠢᠭᠤᠯᠪᠠ᠂ ᠺᠣᠮᠫᠢᠦ᠋ᠲ᠋ᠧᠷ ᠤᠨ | ᠵᠥᠭᠡᠯᠡᠨ ᠲᠤᠨᠤᠭ᠂ ᠲᠤᠭᠠᠴᠠᠯᠠᠭᠰᠠᠨ ᠬᠡᠪᠯᠡᠯ ᠤᠨ ᠡᠷᠬᠡ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠰᠢᠨ᠎ᠡ ᠬᠦᠷᠢᠶᠡᠨ ᠳᠠᠬᠢ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠯ ᠪᠦᠲᠦᠭᠡᠯ ᠤᠨ ᠡᠷᠬᠡ ᠳᠤ ᠬᠠᠯᠳᠠᠭᠰᠠᠨ | ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠭᠡᠪᠡ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠤ ᠲᠤᠰᠬᠠᠯ ᠶᠡᠬᠡᠲᠡᠢ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠩᠬᠠᠷᠤᠯ ᠢ ᠲᠠᠲᠠᠵᠤ | ᠪᠠᠶᠢᠭ᠎ᠠ᠂ ᠡᠷᠬᠡ ᠳᠤ ᠬᠠᠯᠳᠠᠬᠤ ᠪᠠ ᠬᠠᠭᠤᠷᠮᠠᠭᠯᠠᠨ ᠦᠢᠯᠡᠳᠬᠦ ᠶᠠᠪᠤᠳᠠᠯ ᠣᠯᠠᠨ ᠭᠤᠣᠯᠳᠠᠯᠭ᠎ᠠ ᠲᠠᠢ ᠬᠦᠷᠢᠶ᠎ᠡ ᠪᠣᠯᠣᠨ ᠣᠷᠣᠨ ᠪᠦᠰᠡ ᠳᠤ ᠴᠢᠭᠯᠡᠭᠦᠯᠦᠨ᠂ ᠨᠢᠭᠡ | ᠪᠦᠯᠦᠭ ᠬᠦᠨᠳᠦ ᠣᠨᠴᠠ ᠶᠡᠭᠡ ᠬᠡᠷᠡᠭ ᠢ ᠢᠯᠡᠷᠡᠭᠦᠯᠵᠦ᠂ ᠨᠢᠭᠡ ᠪᠦᠯᠦᠭ ᠶᠠᠯᠠᠲᠤ ᠬᠡᠷᠡᠭ ᠤᠨ ᠬᠡᠯᠬᠢᠶ᠎ᠡ ᠶᠢ ᠰᠦᠢᠷᠡᠭᠦᠯᠪᠡ᠃ 2022 ᠣᠨ ᠠᠴᠠ ᠨᠠᠰᠢ᠂ ᠪᠥᠬᠦ | ᠬᠤᠲᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠬᠡᠷᠡᠭ ᠢ ᠨᠡᠶᠢᠲᠡ 49 ᠢᠯᠡᠷᠡᠭᠦᠯᠵᠦ᠂ 61 ᠶᠠᠯ᠎ᠠ ᠬᠢᠭᠰᠡᠨ | ᠰᠡᠵᠢᠭᠲᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠨᠡᠶᠢᠲᠡ ᠵᠣᠭᠤᠰ ᠤᠨ ᠲᠤᠭ᠎ᠠ 9930.29 ᠭᠠᠷᠤᠢ ᠲᠦᠮᠡᠨ ᠲᠥᠭᠦᠷᠢᠭ ᠲᠤ ᠬᠥᠷᠪᠡ᠂ ᠡᠭᠦᠨ ᠳᠤ | ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠪᠠᠳᠠᠨ ᠰᠢᠢᠳᠪᠦᠷᠢᠯᠡᠭᠦᠯᠦᠭᠰᠡᠨ ᠬᠦᠨᠳᠦ ᠶᠡᠭᠡ ᠬᠡᠷᠡᠭ 1 ᠪᠠᠶᠢᠵᠤ᠂ ᠪᠥᠬᠦ ᠤᠯᠤᠰ ᠤᠨ ᠴᠢᠨᠠᠷᠲᠠᠢ ᠬᠡᠷᠡᠭ ᠢ ᠬᠠᠮᠵᠢᠨ | ᠪᠠᠶᠢᠴᠠᠭᠠᠬᠤ ᠭᠤᠣᠯᠳᠠᠯᠭ᠎ᠠ ᠲᠠᠢ ᠬᠡᠷᠡᠭ 1 ᠪᠠᠶᠢᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠢᠪᠠᠳᠠᠨ ᠰᠢᠢᠳᠪᠦᠷᠢᠯᠡᠭᠦᠯᠦᠭᠰᠡᠨ ᠬᠡᠷᠡᠭ 8 ᠪᠠᠶᠢᠵᠤ᠂ 3 | ᠬᠡᠷᠡᠭ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠪᠤᠰᠤᠳ ᠲᠢᠩᠬᠢᠮ ᠲᠣᠪᠴᠢᠶ᠎ᠠ ᠳᠤ | ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ | ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠬᠤ ᠶᠢ ᠢᠮᠠᠭᠲᠠ ᠪᠠᠷᠢᠮᠲᠠᠯᠠᠵᠤ᠂ ᠣᠲᠣ ᠶᠠᠭ ︽ᠺᠦᠨᠯᠦ᠋ᠨ 2024︾ ᠲᠤᠰᠬᠠᠢ ᠠᠵᠢᠯᠯᠠᠭ᠎ᠠ ᠶᠢ | ᠥᠷᠨᠢᠭᠦᠯᠵᠦ᠂ ᠡᠷᠬᠡ ᠳᠤ ᠬᠠᠯᠳᠠᠵᠤ ᠬᠠᠭᠤᠷᠮᠠᠭᠯᠠᠨ ᠦᠢᠯᠡᠳᠦᠭᠰᠡᠨ ᠶᠠᠯᠠᠲᠤ ᠠᠵᠢᠯᠯᠠᠭ᠎ᠠ ᠳᠤ ᠰᠢᠨ᠎ᠡ ᠨᠢᠭᠡ ᠡᠭᠡᠯᠵᠢ ᠶᠢᠨ ᠳᠠᠭᠠᠷᠢᠯᠲᠠ ᠶᠠᠪᠤᠭᠤᠯᠵᠤ ᠪᠠᠶᠢᠨ᠎ᠠ᠃ | ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽ᠴᠢᠩᠭ᠎ᠠ ᠬᠠᠮᠠᠭᠠᠯᠠᠬᠤ︾ | ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠨᠡᠶᠢᠭᠡᠮᠯᠢᠭ᠂ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ | ᠭᠦᠨᠵᠡᠭᠡᠢ ᠬᠠᠮᠵᠢᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠨ᠂ ︽ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ︾ | ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠢᠳᠡᠪᠬᠢᠲᠡᠢ ᠪᠣᠶ ᠪᠣᠯᠭᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ᠬᠠᠭᠤᠷᠮᠠᠭ ᠲᠠᠸᠠᠷ ᠦᠢᠯᠡᠳᠴᠦ | ᠪᠣᠷᠣᠯᠠᠭᠤᠯᠬᠤ᠂ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠡᠯ᠎ᠡ ᠲᠥᠷᠥᠯ ᠤᠨ | ᠶᠠᠯᠠᠲᠤ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠲᠦᠮᠡᠨ ᠢ ᠤᠷᠢᠶᠠᠯᠠᠨ ᠬᠠᠤᠯᠢ ᠪᠠᠷ ᠵᠠᠰᠠᠬᠤ ᠤᠬᠠᠮᠰᠠᠷ ᠢᠶᠠᠨ | ᠴᠢᠩᠭᠠᠳᠬᠠᠵᠤ᠂ ᠪᠠᠷᠠᠭ᠎ᠠ ᠬᠤᠳᠠᠯᠳᠤᠨ ᠠᠪᠬᠤ ᠳᠠᠭᠠᠨ ᠳᠦᠷᠢᠮᠵᠢᠭᠦᠨ ᠬᠤᠳᠠᠯᠳᠤᠭᠠᠴᠢᠨ ᠪᠠ ᠲᠠᠪᠴᠠᠩ ᠢ ᠰᠣᠩᠭᠤᠵᠤ᠂ ᠣᠯᠠᠨ ᠲᠦᠮᠡᠨ ᠪᠠ ᠠᠵᠤ | ᠠᠬᠤᠶᠢᠯᠠᠯ ᠤᠨ ᠬᠢᠨ ᠶᠠᠯᠠᠲᠤ ᠬᠡᠷᠡᠭ ᠤᠨ ᠰᠦᠪᠡᠭᠴᠢ ᠶᠢ ᠣᠯᠵᠤ ᠮᠡᠳᠡᠮᠡᠭᠴᠡ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠬᠡᠷᠡᠭ | ᠮᠡᠳᠡᠭᠦᠯᠵᠦ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ | ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | |