ᠤᠯᠠᠭᠠᠨᠬᠠᠳᠠ ᠬᠤᠤᠷ ᠲᠠᠲᠠᠬᠤ ᠶᠢ ᠴᠠᠭᠠᠵᠠᠯᠠᠭᠰᠠᠨ ᠲᠡᠦᠬᠡ (ᠬᠣᠶᠠᠷ)
ᠨᠡᠶᠢᠲᠡᠯᠡᠭᠰᠡᠨ ᠴᠠᠭ᠄
2024/4/26
    1950 ᠣᠨ ᠳᠤ ᠲᠥᠪ ᠤᠨ ᠠᠷᠠᠳ ᠤᠨ ᠵᠠᠰᠠᠭ ᠤᠨ ᠣᠷᠳᠤᠨ ᠤ ᠵᠠᠰᠠᠭ ᠤᠨ ᠶᠠᠪᠤᠳᠠᠯ ᠤᠨ ᠬᠤᠷᠢᠶ᠎ᠠ ︽ᠬᠠᠷ᠎ᠠ ᠲᠠᠮᠠᠭᠢᠨ ᠬᠤᠤᠷ ᠢ ᠴᠢᠩᠭ᠎ᠠ ᠴᠠᠭᠠᠵᠠᠯᠠᠬᠤ ᠲᠣᠬᠠᠢ ᠵᠠᠷᠯᠠᠯ︾ ᠢ ᠨᠡᠶᠢᠲᠡᠯᠡᠭᠰᠡᠨ ᠠᠴᠠ ᠰᠡᠭᠦᠯᠡᠷ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠢ ᠬᠠᠷ᠎ᠠ ᠲᠠᠮᠠᠭᠢ ᠴᠠᠭᠠᠵᠠᠯᠠᠬᠤ ᠬᠤᠤᠷ ᠴᠠᠭᠠᠵᠠᠯᠠᠬᠤ ᠠᠵᠢᠯᠯᠠᠭᠠᠨ ᠢ ᠲᠦᠯᠦᠪᠯᠡᠭᠡ ᠲᠠᠢ ᠵᠣᠬᠢᠶᠠᠨ ᠪᠠᠶᠢᠭᠤᠯᠤᠯᠲᠠ ᠲᠠᠢ ᠦᠷᠨᠢᠭᠦᠯᠪᠡ᠂ ᠯᠢᠨᠰᠢ ᠰᠢᠶᠠᠨ ᠨᠢ 210 ᠨᠡᠷ᠎ᠡ ᠬᠤᠣᠷ ᠫᠠᠨᠽᠠᠯᠠᠭᠰᠠᠨ ᠬᠡᠷᠡᠭᠲᠡᠨ ᠢ ᠪᠠᠷᠢᠪᠴᠢᠯᠠᠵᠤ᠂ ᠡᠭᠦᠨ ᠳᠤ ᠲᠤᠰᠬᠠᠢ ᠬᠤᠤᠷ ᠫᠠᠨᠽᠠᠴᠢᠯᠠᠭᠴᠢ 41 ᠬᠥᠮᠥᠨ ᠪᠠᠶᠢᠵᠤ᠂ 20 ᠭᠠᠷᠤᠢ ᠲᠦᠮᠡᠨ ᠯᠠᠩ ᠬᠤᠤᠷ ᠢ ᠪᠠᠶᠢᠴᠠᠭᠠᠵᠤ ᠭᠠᠷᠭᠠᠪᠠ᠃ ᠬᠡᠰᠢᠭᠲᠡᠨ ᠬᠤᠰᠢᠭᠤᠨ ᠤ ᠳᠣᠲᠤᠭᠠᠲᠤ ᠶᠢ ᠬᠠᠮᠠᠭᠠᠯᠠᠬᠤ ᠳᠣᠪᠴᠢᠶ᠎ᠠ ᠨᠢ 179 ᠨᠡᠷ᠎ᠡ ᠬᠤᠣᠷ ᠫᠠᠨᠽᠠᠯᠠᠭᠰᠠᠨ ᠬᠡᠷᠡᠭᠲᠡᠨ ᠢ ᠪᠠᠷᠢᠪᠴᠢᠯᠠᠵᠤ ᠂ 10 ᠭᠠᠷᠤᠢ ᠲᠦᠮᠡᠨ ᠯᠠᠩ ᠬᠤᠤᠷ ᠢ ᠬᠤᠷᠢᠶᠠᠨ ᠠᠪᠴᠠᠢ᠃ ᠬᠤᠷᠢᠶᠠᠵᠤ ᠠᠪᠤᠭᠰᠠᠨ ᠬᠤᠤᠷ ᠢ ᠪᠦᠬᠦᠨ ᠢ ᠭᠠᠯᠳᠠᠭᠰᠠᠠ ᠪᠠᠶᠢᠨ᠎ᠠ᠃    1952 ᠣᠨ ᠳᠤ ᠲᠥᠪ ᠤᠨ ᠬᠠᠷ᠎ᠠ ᠲᠠᠮᠠᠭᠢ ᠴᠠᠭᠠᠵᠠᠯᠠᠬᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠪᠦᠬᠦ ᠠᠶᠢᠮᠠᠭ ᠤᠨ ᠬᠤᠲᠠ ᠪᠠᠯᠭᠠᠰᠣᠨ ᠳᠤ ᠣᠯᠠᠨ ᠲᠦᠮᠡᠨᠴᠢ ᠴᠢᠨᠠᠷᠲᠠᠢ ᠬᠤᠤᠷ ᠤᠰᠠᠳᠬᠠᠬᠤ ᠠᠵᠢᠯᠯᠠᠭ᠎ᠠ ᠶᠢ ᠥᠷᠨᠢᠭᠦᠯᠵᠦ᠂ ᠭᠤᠣᠯᠳᠠᠭᠤ ᠬᠠᠷ᠎ᠠ ᠲᠠᠮᠠᠭᠢ ᠫᠠᠨᠽᠠᠯᠠᠳᠠᠭ ᠰᠤᠷᠮᠠᠭᠠᠢ ᠬᠡᠷᠡᠭᠲᠡᠨ᠂ ᠬᠤᠤᠷ ᠠᠷᠠᠯᠵᠢᠶᠠᠯᠠᠳᠠᠭ ᠪᠦᠯᠦᠭ ᠲᠤ ᠴᠣᠬᠢᠯᠲᠠ ᠥᠭᠴᠡᠢ᠃ ᠲᠣᠲᠣᠭᠠᠲᠤ ᠶᠢ ᠬᠠᠮᠠᠭᠠᠯᠠᠬᠤ᠂ ᠠᠷᠠᠳ ᠤᠨ ᠶᠠᠪᠣᠳᠠᠯ᠂ ᠡᠷᠡᠭᠦᠯ ᠬᠠᠮᠠᠭᠠᠯᠠᠯ᠂ ᠤᠬᠠᠭᠤᠯᠬᠤ ᠵᠡᠷᠭᠡ ᠰᠠᠯᠠᠭ᠎ᠠ ᠮᠦᠴᠢᠷ ᠨᠢ ᠣᠯᠠᠨ ᠲᠦᠮᠡᠨ ᠢᠯᠡᠴᠢᠯᠡᠨ ᠮᠡᠳᠡᠭᠦᠯᠬᠦ᠂ ᠬᠠᠷ᠎ᠠ ᠲᠠᠮᠠᠭᠢ ᠲᠠᠲᠠᠭᠴᠢᠳ ᠲᠠᠩᠰᠠᠯᠠᠭᠤᠯᠬᠤ᠂ ᠠᠶᠢᠯ ᠡᠷᠦᠬᠡ ᠳᠠᠷᠠᠭᠠᠯᠠᠨ ᠪᠠᠶᠢᠴᠠᠭᠠᠨ ᠰᠣᠷᠪᠤᠯᠵᠢᠯᠠᠬᠤ ᠵᠡᠷᠭᠡ ᠬᠡᠯᠪᠡᠷᠢ ᠪᠠᠷ ᠬᠠᠷ᠎ᠠ ᠲᠠᠮᠠᠭᠢ ᠲᠠᠲᠠᠭᠴᠢᠳ ᠤᠨ ᠪᠠᠶᠢᠳᠠᠯ ᠢ ᠪᠠᠶᠢᠴᠠᠭᠠᠨ ᠣᠶᠢᠯᠠᠭᠠᠪᠠ᠃ ᠲᠠᠮᠠᠭᠢ ᠵᠣᠭᠰᠤᠭᠠᠬᠤ ᠭᠠᠵᠠᠷ᠂ ᠲᠠᠮᠠᠭᠢ ᠵᠣᠭᠰᠤᠭᠠᠬᠤ ᠠᠩᠭᠢ ᠡᠷᠬᠢᠯᠡᠨ᠂ ᠺᠠᠳ᠋ᠷ ᠤᠨ ᠬᠤᠷᠠᠯ᠂ ᠣᠯᠠᠨ ᠲᠦᠮᠡᠨ ᠤ ᠬᠤᠷᠠᠯ᠂ ᠡᠮᠡᠭᠲᠡᠶᠢᠴᠦᠳ ᠤᠨ ᠬᠤᠷᠠᠯ᠂ ᠬᠡᠣᠭᠡᠳ ᠪᠠᠭᠠᠴᠣᠳ ᠤᠨ ᠬᠤᠷᠠᠯ᠂ ᠭᠡᠷ ᠪᠦᠯᠢ ᠶᠢᠨ ᠬᠤᠷᠠᠯ ᠢ ᠬᠤᠷᠠᠯᠳᠤᠭᠤᠯᠤᠨ ᠬᠠᠷ᠎ᠠ ᠲᠠᠮᠠᠭᠢ ᠲᠠᠲᠠᠭᠴᠢᠳ ᠢ ᠰᠣᠷᠭᠠᠨ ᠬᠦᠮᠦᠵᠢᠭᠦᠯᠦᠨ ᠥᠭᠡᠷᠡᠴᠢᠯᠡᠪᠡ᠃ ᠪᠦᠬᠦ ᠵᠢᠯ ᠳᠤ 7 788 ᠬᠤᠪᠢ ᠢᠯᠡᠴᠢᠯᠡᠨ ᠮᠡᠳᠡᠭᠦᠯᠦᠭᠰᠡᠨ ᠵᠠᠬᠢᠳᠠᠯ ᠢ ᠬᠤᠷᠢᠶᠠᠨ ᠣᠯᠵᠤ᠂ ᠬᠠᠷ᠎ᠠ ᠲᠠᠮᠠᠭᠢ ᠫᠠᠨᠽᠠᠯᠠᠳᠠᠭ ᠬᠡᠷᠡᠭᠲᠡᠨ 108 ᠬᠦᠮᠦᠨ ᠢ ᠪᠠᠶᠢᠴᠠᠭᠠᠨ ᠢᠯᠡᠷᠡᠭᠦᠯᠵᠦ᠂ ᠬᠤᠤᠷ ᠲᠠᠲᠠᠬᠤ ᠪᠠᠭᠠᠵᠢ ᠬᠡᠷᠡᠭᠰᠡᠯ ᠢ 157 ᠢᠵᠢ ᠬᠤᠷᠢᠶᠠᠨ ᠠᠪᠴᠠᠢ᠃ ᠰᠣᠷᠭᠠᠨ ᠬᠦᠮᠦᠵᠢᠭᠦᠯᠦᠨ ᠥᠭᠡᠷᠡᠴᠢᠯᠡᠬᠦ ᠪᠠᠷ ᠳᠠᠮᠵᠢᠵᠤ 10 880 ᠨᠡᠷ᠎ᠡ ᠬᠠᠷ᠎ᠠ ᠲᠠᠮᠠᠭᠢ ᠲᠠᠲᠠᠭᠴᠢᠳ ᠬᠠᠷ᠎ᠠ ᠲᠠᠮᠠᠭᠢᠨ ᠰᠢᠨᠤᠯ ᠠᠴᠠ ᠠᠩᠭᠢᠵᠢᠷᠠᠵᠤ᠂ ᠡᠭᠦᠨ ᠠᠴᠠ ᠰᠡᠭᠦᠯᠡᠷ ᠬᠠᠷ᠎ᠠ ᠲᠠᠮᠠᠭᠢᠨ ᠬᠤᠣᠷ ᠤᠯᠠᠭᠠᠨᠬᠠᠳᠠ ᠣᠷᠣᠨ ᠳᠤ ᠦᠨᠳᠦᠰᠦᠨ ᠳᠤ ᠪᠠᠨ ᠠᠷᠢᠯᠤᠭᠰᠡᠠ ᠪᠠᠶᠢᠨ᠎ᠠ᠃ᠲᠠᠯᠠᠭᠠᠳ ᠣᠨ ᠤ ᠰᠡᠬᠦᠯᠴᠢ ᠪᠠᠷ ᠬᠤᠣᠷ ᠲᠠᠲᠠᠵᠤ ᠠᠷᠠᠯᠵᠢᠶᠠᠯᠠᠬᠤ ᠦᠵᠡᠭᠲᠡᠯ ᠲᠠᠬᠢᠨ ᠦᠨᠲᠡᠶᠢᠬᠦ ᠪᠠᠶᠢᠳᠠᠯ ᠲᠠᠢ ᠪᠣᠯᠵᠤ᠂ ᠣᠨᠴᠠ ᠵᠠᠷᠢᠮ ᠭᠠᠵᠠᠷ ᠣᠷᠣᠨ ᠳᠤ ᠬᠤᠪᠢ ᠪᠠᠷ ᠢᠶᠠᠨ ᠠᠮᠤ ᠴᠡᠴᠡᠭ ᠲᠠᠷᠢᠪᠠ᠃ 1982 ᠣᠨ ᠳᠤ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠬᠠᠷ᠎ᠠ ᠲᠠᠮᠠᠭᠢᠨ ᠬᠤᠣᠷ ᠢ ᠡᠷᠡᠰ ᠴᠠᠭᠠᠵᠠᠯᠠᠬᠤ ᠠᠰᠠᠭᠤᠳᠠᠯ ᠤᠨ ᠲᠤᠬᠠᠢ ᠪᠠᠴᠢᠮ ᠵᠢᠭᠠᠪᠤᠷᠢ︾ ᠶᠢ ᠪᠠᠭᠤᠯᠭᠠᠭᠰᠠᠨ ᠠᠴᠠ ᠰᠡᠭᠦᠯᠡᠷ ᠵᠤᠤ ᠤᠳᠠ ᠠᠶᠢᠮᠠᠭ ᠤᠨ ᠡᠯ᠎ᠡ ᠱᠠᠲᠤᠨ ᠤ ᠵᠠᠰᠠᠭ ᠤᠨ ᠣᠷᠳᠤᠨ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠣᠯᠠᠨ ᠲᠦᠮᠡᠨ ᠢ ᠵᠣᠬᠢᠶᠠᠨ ᠪᠠᠶᠢᠭᠤᠯᠤᠨ ᠠᠮᠤ ᠴᠡᠴᠡᠭ ᠢ ᠴᠡᠪᠡᠷᠯᠡᠨ ᠠᠷᠢᠯᠭᠠᠵᠤ᠂ ᠬᠠᠷ᠎ᠠ ᠲᠠᠮᠠᠬᠢᠨ ᠬᠠᠨᠳᠠ ᠶᠢ ᠬᠤᠷᠢᠶᠠᠵᠤ᠂ ᠬᠤᠤᠷ ᠫᠠᠨᠽᠢᠯᠠᠭᠴᠢᠳ ᠲᠤ ᠴᠣᠬᠢᠯᠲᠠ ᠦᠭᠭᠦᠨ᠂ ᠬᠤᠣᠷ ᠲᠠᠲᠠᠭᠴᠢᠳ ᠢ ᠬᠤᠭᠤᠴᠠᠭ᠎ᠠ ᠲᠣᠭᠲᠠᠨ ᠵᠣᠭᠰᠤᠭᠠᠯᠭᠠᠬᠤ ᠶᠢᠨ ᠬᠠᠮᠲᠤ ᠴᠢᠬᠤᠯᠠ ᠪᠦᠬᠦᠢ ᠰᠢᠢᠳᠬᠡᠯ ᠣᠯᠭᠤᠪᠠ᠃ 1987 ᠣᠨ ᠳᠤ ᠪᠦᠬᠦ ᠬᠤᠲᠠ ᠳᠤ ᠬᠤᠣᠷ ᠲᠠᠲᠠᠵᠤ ᠬᠤᠣᠷ ᠠᠷᠠᠯᠵᠢᠶᠠᠯᠠᠭᠰᠠᠨ ᠬᠡᠷᠡᠭ 28 ᠶᠢ ᠪᠠᠶᠢᠴᠠᠭᠠᠨ ᠢᠯᠡᠷᠡᠭᠦᠯᠵᠦ᠂ 39 ᠬᠦᠮᠦᠨ ᠢ ᠲᠣᠷᠭᠠᠨ᠂ 3 ᠬᠦᠮᠦᠨ ᠢ ᠪᠠᠷᠢᠪᠴᠢᠯᠠᠵᠤ᠂ 1 030 ᠯᠠᠩ ᠬᠤᠣᠷᠲᠤ ᠡᠳ᠋ ᠢ ᠬᠤᠷᠢᠶᠠᠵᠤ ᠠᠪᠴᠠᠢ᠃ 1989 ᠣᠨ ᠳᠤ ᠪᠦᠬᠦ ᠬᠤᠲᠠ ᠳᠤ ᠬᠤᠣᠷ ᠫᠠᠨᠽᠠᠯᠠᠭᠰᠠᠨ ᠬᠡᠷᠡᠭ ᠢ 102 ᠢᠯᠡᠷᠡᠭᠦᠯᠵᠦ᠂ 383.4 ᠯᠠᠩ ᠬᠤᠣᠷᠲᠤ ᠡᠳ᠋ ᠂ 12 ᠲᠦᠮᠠ ᠭᠠᠷᠤᠢ ᠲᠦᠭᠦᠷᠢᠭ ᠢ ᠬᠤᠷᠢᠶᠠᠨ ᠠᠪᠴᠠᠢ᠃    1990 ᠣᠨ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠬᠤᠣᠷ ᠴᠠᠭᠠᠵᠠᠯᠠᠬᠤ ᠲᠣᠬᠠᠢ ᠲᠣᠭᠲᠠᠭᠠᠯ︾ ᠢ ᠨᠡᠶᠢᠲᠡᠯᠡᠭᠰᠡᠨ ᠠᠴᠠ ᠰᠡᠭᠦᠯᠡᠷ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠢ ︽ᠬᠤᠣᠷ ᠴᠠᠭᠠᠵᠠᠯᠠᠬᠤ ᠲᠤᠬᠠᠢ ᠵᠠᠷᠯᠠᠯ︾ ᠭᠠᠷᠭᠠᠵᠤ᠂ ᠲᠣᠰᠬᠠᠢ ᠪᠡᠯᠡ ᠮᠥᠩᠭᠦ ᠥᠭᠴᠦ ᠬᠠᠷ᠎ᠠ ᠲᠠᠮᠠᠭᠢᠨ ᠬᠤᠣᠷ ᠬᠦᠨᠳᠦ ᠰᠦᠷᠡᠬᠡᠢ ᠪᠠᠶᠢᠭ᠎ᠠ ᠭᠠᠵᠠᠷ ᠣᠷᠣᠨ ᠳᠤ ᠲᠠᠮᠠᠭᠢ ᠵᠣᠭᠰᠣᠭᠠᠬᠤ ᠭᠠᠵᠠᠷ ᠪᠠᠶᠢᠭᠤᠯᠪᠠ᠃ ᠪᠦᠬᠦ ᠵᠢᠯ ᠳᠤ ᠬᠤᠣᠷ ᠲᠠᠲᠠᠵᠦ ᠬᠠᠳᠬᠤᠳᠠᠭ 4 082 ᠬᠦᠮᠦᠨ ᠢ ᠪᠠᠶᠢᠴᠠᠭᠠᠨ ᠭᠠᠷᠭᠠᠪᠠ᠂ ᠡᠭᠦᠨ ᠳᠤ ᠡᠷᠡᠭᠲᠡᠢ 3289 ᠬᠥᠮᠥᠨ᠂ ᠡᠮᠡᠭᠲᠡᠢ 793 ᠬᠥᠮᠥᠨ ᠪᠠᠶᠢᠪᠠ᠃ ᠰᠤᠷᠭᠠᠨ ᠬᠦᠮᠦᠵᠢᠭᠦᠯᠦᠨ ᠥᠭᠡᠷᠡᠴᠢᠯᠡᠬᠦ ᠪᠠᠷ ᠳᠠᠮᠵᠢᠵᠤ᠂ ᠬᠤᠭᠤᠴᠠᠭ᠎ᠠ ᠲᠣᠭᠲᠠᠭᠠᠨ ᠴᠡᠭᠡᠷᠯᠡᠭᠦᠯᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ