ᠸᠠᠨ ᠴᠤᠤ ᠴᠢ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠭᠤᠣᠯ ᠬᠤᠲᠠ ᠶᠢᠨ ᠲᠣᠭᠤᠷᠢᠭ ᠤᠨ ᠭᠡᠷ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠱᠠᠯᠠᠪᠳᠠᠭᠤᠯᠤᠨ ᠵᠢᠯᠤᠭᠤᠳᠴᠤ ᠠᠬᠢᠭᠤᠯᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠸ ᠴᠢ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠭᠤᠣᠯ ᠬᠤᠲᠠ ᠶᠢᠨ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠎ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠬᠢᠨᠠᠨ ᠵᠢᠯᠣᠭᠤᠳᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠶᠢᠩ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ ᠬᠤᠷᠠᠯ ᠳᠤ ᠣᠷᠣᠯᠴᠠᠭᠰᠠᠨ ᠪᠥᠭᠡᠳ ᠰᠠᠨᠠᠯ ᠳᠤᠷᠠᠳᠴᠤ᠂ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠲᠤᠰ ᠲᠤᠰ ᠲᠤᠰ ᠭᠠᠵᠠᠷ ᠣᠷᠣᠨ ᠤ ᠪᠠᠨ ᠠᠵᠢᠯ ᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠵᠠᠢ᠃   ᠸᠠᠨ ᠴᠤᠤ ᠴᠢ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠳᠤ ᠬᠤᠯᠪᠣᠭᠳᠠᠵᠤ ᠪᠠᠶᠢᠳᠠᠭ᠃ ᠡᠯ᠎ᠡ ᠬᠤᠳᠠ ᠶᠢᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠦᠵᠡᠵᠦ᠂ ᠤᠴᠢᠷ ᠶᠠᠪᠤᠳᠠᠯ ᠢ ᠰᠢᠢᠳᠪᠦᠷᠢᠯᠡᠵᠦ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠦᠯᠡᠳᠡᠭᠳᠡᠯ ᠠᠰᠠᠷ᠂ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠲᠡᠢ᠂ ᠪᠤᠴᠠᠵᠤ ᠨᠡᠭᠦᠬᠦ ᠳᠤ ᠬᠦᠴᠢᠷᠲᠡᠢ᠂ ᠦᠨᠡᠮᠯᠡᠯ ᠠᠪᠬᠤ ᠳᠤ ᠬᠦᠴᠢᠷ ᠵᠡᠷᠭᠡ ᠡᠯ᠎ᠡ ᠲᠦᠷᠦᠯ ᠤᠨ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠪᠡᠷᠬᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ  ᠳᠠᠷᠤᠭ᠎ᠠ ᠬᠠᠭᠤᠴᠢᠨ ᠲᠠᠩᠰᠠ ᠪᠠᠨ ᠰᠠᠶᠢᠲᠤᠷ ᠳᠢᠭᠯᠡᠵᠦ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠷᠠᠭᠤᠯᠤᠨ᠂ ᠡᠨᠡ ᠵᠢᠯ ᠪᠠᠰᠠ ᠨᠢᠭᠡ ᠪᠦᠯᠦᠭ ᠣᠷᠳᠣ ᠬᠤᠭᠤᠴᠠᠭ᠎ᠠ ᠪᠠᠷ ᠤᠳᠠᠭᠠᠰᠢᠷᠠᠭᠤᠯᠤᠭᠰᠠᠨ᠂ ᠣᠯᠠᠨ ᠲᠦᠮᠡᠨ ᠤ ᠰᠠᠨᠠᠯ ᠶᠡᠭᠡ᠂ ᠬᠤᠲᠠ ᠶᠢᠨ ᠳᠦᠷᠢ ᠲᠥᠷᠬᠦ ᠶᠢ ᠨᠥᠯᠥᠭᠡᠯᠡᠭᠰᠡᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠣᠯᠠᠨ ᠤ ᠬᠦᠰᠡᠯ ᠡᠷᠡᠮᠡᠯᠵᠡᠯ ᠢ ᠨᠠᠩ ᠣᠯᠠᠨ ᠨᠠᠩ ᠰᠠᠶᠢᠲᠤᠷ ᠬᠠᠩᠭᠠᠬᠤ ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠢ ᠰᠤᠳᠤᠯᠵᠤ᠂ ᠲᠡᠷᠢᠭᠦᠨ ᠤ ᠠᠷᠭ᠎ᠠ ᠬᠢᠳᠡᠯ ᠢ ᠰᠤᠷᠤᠯᠴᠠᠨ ᠲᠣᠯᠢᠯᠠᠬᠤ ᠳᠠᠭᠠᠨ ᠴᠢᠳᠠᠮᠠᠭᠠᠢ ᠪᠠᠶᠢᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠬᠢᠴᠡ ᠰᠢᠨ᠎ᠡ ᠠᠷᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠡᠶᠢᠭᠡᠮ ᠤᠨ ᠡᠬᠢ ᠪᠠᠶᠠᠯᠢᠭ ᠪᠠ ᠠᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠬᠠᠨᠳᠤᠰᠢ ᠳᠤᠨᠢ ᠲᠣᠬᠢᠷᠠᠭᠤᠯᠤᠨ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠶᠢ ᠬᠥᠲᠥᠯᠥᠨ ᠵᠢᠯᠤᠭᠤᠳᠴᠤ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠬᠤᠲᠠ ᠶᠢᠨ ᠰᠢᠨᠡᠴᠢᠯᠡᠯᠲᠡ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ︽ᠭᠤᠷᠪᠠᠨ ᠶᠡᠭᠡ ᠢᠨᠵᠧᠨᠧᠷᠢᠩ︾᠎ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠳᠤᠯᠵᠤ᠂ ᠪᠠᠶᠢᠳᠠᠯ ᠢ ᠣᠶᠢᠯᠠᠭᠠᠨ ᠪᠠᠶᠢᠴᠠᠭᠠᠬᠤ᠂ ᠲᠥᠯᠥᠪᠵᠢᠭᠦᠯᠦᠨ ᠵᠢᠷᠤᠵᠤ ᠲᠥᠯᠥᠪᠯᠡᠬᠦ ᠶᠢ ᠴᠢᠩᠭᠠᠳᠬᠠᠨ᠂ ᠳᠡᠮᠵᠢᠬᠦ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠬᠠᠭᠤᠴᠢᠨ ᠬᠤᠲᠠ ᠶᠢᠨ ᠲᠣᠭᠤᠷᠢᠭ᠂ ᠬᠠᠭᠤᠴᠢᠨ  ᠰᠠᠭᠤᠭᠠᠯᠢ ᠠᠷᠠᠳ ᠤᠨ ᠲᠣᠭᠤᠷᠢᠭ᠂ ᠪᠠᠶᠢᠰᠢᠩ ᠭᠡᠷ ᠤᠨ ᠲᠣᠭᠤᠷᠢᠭ ᠤᠨ ᠣᠯᠠᠨ ᠲᠦᠮᠡᠨ ᠤ ᠣᠷᠣᠰᠢᠨ ᠰᠠᠭᠤᠬᠤ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠬᠤᠲᠠ ᠲᠣᠭᠤᠷᠢᠭ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠣᠯᠣᠨ ᠭᠠᠵᠠᠷ ᠬᠥᠷᠥᠩᠭᠡ ᠶᠢᠨ ᠲᠥᠷᠥᠯ ᠵᠦᠢᠯ ᠤᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠨ᠂ ᠰᠣᠳᠣᠨ ᠢᠨᠵᠧᠨᠧᠷᠢᠩ᠂  ᠨᠢᠩᠵᠢᠨ ᠢᠨᠵᠧᠨᠧᠷᠢᠩ ᠢ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠲᠣᠭᠲᠠᠭᠤᠨ ᠪᠥᠭᠡᠳ ᠡᠷᠡᠭᠦᠯ ᠢᠶᠠᠷ ᠠᠵᠢᠯᠯᠠᠬᠤ ᠶᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ  ᠭᠡᠵᠦ ᠴᠢᠬᠤᠯᠠᠴᠢᠯᠠᠪᠠ᠃     ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠨᠡᠶᠢᠭᠡᠮ ᠤᠨ ᠠᠵᠢᠯ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠰᠣᠨᠢᠨ ᠮᠡᠳᠡᠭᠡᠨ ᠤ ᠠᠯᠪᠠᠨ ᠭᠡᠷ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠤᠳᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ