| 2024 ᠣᠨ ᠤ 3 ᠰᠠᠷ᠎ᠠ ᠶᠢᠨ 31 ᠤ ᠡᠳᠦᠷ ᠠᠴᠠ ᠡᠬᠢᠯᠡᠨ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠯᠠᠭᠠᠨᠬᠤᠲᠠ ︱ ᠤᠯᠠᠭᠠᠨᠬᠠᠳᠠ ︱ | ᠲᠠᠶᠢᠶᠤᠸᠠᠨ ᠤ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠪᠲᠡᠷᠡᠭᠦᠯᠬᠦ ᠪᠠᠷ ᠲᠥᠯᠥᠪᠯᠡᠵᠦ ᠪᠣᠶ᠃ ᠲᠤᠰ ᠠᠭᠠᠷ ᠤᠨ ᠠᠶᠠᠯᠠᠯ ᠤᠨ ᠱᠤᠭᠤᠮ ᠢ ᠴᠧᠩᠳᠦ᠋ | ᠶᠢᠨ ᠠᠭᠠᠷ ᠤᠨ ᠠᠶᠠᠯᠠᠯ ᠤᠨ ᠺᠣᠮᠫᠠᠨᠢ ᠠᠴᠠ ᠡᠵᠡᠩᠨᠡᠵᠦ᠂ ᠡᠭᠡᠯᠵᠢ ᠶᠢᠨ ᠨᠢᠰᠬᠡᠯ ᠤᠨ ᠨᠣᠮᠧᠷ ᠨᠢ EU2929/30᠂ ᠡᠭᠡᠯᠵᠢ ᠶᠢᠨ ᠬᠤᠭᠤᠴᠠᠭ᠎ᠠ ᠨᠢ ᠭᠠᠷᠠᠭ | ᠪᠦᠷᠢ ᠶᠢᠨ ᠨᠢᠭᠡᠨ᠂ ᠭᠤᠷᠪᠠᠨ᠂ ᠲᠠᠪᠤᠨ᠂ ᠡᠳᠦᠷ᠂ ARJ21-700 ᠪᠠᠶᠢᠳᠠᠭ᠃ ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠪᠣᠳᠠᠲᠠᠢ ᠴᠠᠭ᠄ 9᠄ 15 | ᠳᠤ ᠤᠯᠠᠭᠠᠨᠬᠤᠲᠠ ᠠᠴᠠ ᠨᠢᠰᠴᠦ 10᠄ 35 ᠳᠤ ᠤᠯᠠᠭᠠᠨᠬᠠᠳᠠ ᠳᠤ ᠬᠦᠷᠴᠦ᠂ 11᠄ 15 ᠳᠤ ᠤᠯᠠᠭᠠᠨᠬᠠᠳᠠ ᠠᠴᠠ ᠨᠢᠰᠴᠦ᠂ 12᠄ 50 ᠳᠤ | ᠲᠠᠶᠢᠶᠤᠸᠠᠨ ᠳᠤ ᠬᠦᠷᠦᠨ᠎ᠡ᠃ 14᠄ 05 ᠲᠠᠶᠢᠶᠤᠸᠠᠨ ᠠᠴᠠ ᠨᠢᠰᠴᠦ᠂ 15᠄ 40 ᠳᠤ ᠤᠯᠠᠭᠠᠨᠬᠠᠳᠠ ᠳᠤ ᠬᠦᠷᠴᠦ᠂ 16᠄ 20 ᠳᠤ ᠤᠯᠠᠭᠠᠨᠬᠠᠳᠠ ᠠᠴᠠ | ᠨᠢᠰᠴᠦ᠂ 17᠄ 35 ᠳᠤ ᠤᠯᠠᠭᠠᠨᠬᠤᠲᠠ ᠳᠤ ᠬᠦᠷᠦᠨ᠎ᠡ᠃ | ᠲᠣᠰ ᠠᠭᠠᠷ ᠤᠨ ᠠᠶᠠᠯᠠᠯ ᠤᠨ ᠱᠤᠭᠤᠮ ᠨᠡᠪᠲᠡᠷᠡᠭᠰᠡᠨ ᠤ ᠳᠠᠷᠠᠭ᠎ᠠ᠂ ᠤᠯᠠᠭᠠᠨᠬᠠᠳᠠ ᠬᠢᠭᠡᠳ ᠲᠠᠶᠢᠶᠤᠸᠠᠨ ᠤ ᠬᠤᠭᠤᠷᠣᠨᠳᠤ ᠳᠥᠭᠦᠮ ᠳᠥᠲᠡ ︽ᠠᠭᠠᠷ ᠤᠨ | ᠨᠡᠪᠲᠡᠷᠡᠬᠦ ᠵᠠᠮ︾ ᠢ ᠪᠠᠶᠢᠭᠤᠯᠵᠤ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠱᠤᠭᠤᠮ ᠤᠨ ᠰᠦᠯᠵᠢᠶ᠎ᠡ ᠶᠢᠨ ᠪᠠᠶᠢᠷᠢᠰᠢᠭᠤᠯᠤᠯᠲᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠭᠠᠨᠬᠠᠳᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠳᠤ ᠬᠦᠴᠦᠨ ᠨᠡᠮᠡᠷᠢᠯᠡᠬᠦ᠂ ᠲᠠᠶᠢᠶᠤᠸᠠᠨ ᠯᠤᠭ᠎ᠠ ᠶᠢᠨ | ᠠᠵᠤ ᠠᠬᠤᠢ ᠠᠷᠠᠯᠵᠢᠶᠠᠨ ᠤ ᠶᠠᠪᠤᠯᠴᠠᠭ᠎ᠠ᠂ ᠰᠣᠶᠣᠯ ᠵᠢᠭᠤᠯᠴᠢᠯᠠᠯ ᠤᠨ ᠰᠣᠯᠢᠯᠴᠠᠭ᠎ᠠ ᠶᠢ ᠴᠢᠩᠭᠠᠳᠬᠠᠬᠤ ᠳᠤ ᠴᠦᠮ ᠴᠢᠬᠤᠯᠠ ᠦᠢᠯᠡᠳᠦᠯ ᠲᠠᠢ ᠶᠤᠮ᠃ | ᠲᠠᠶᠢᠶᠤᠸᠠᠨ ᠤ ᠠᠭᠠᠷ ᠤᠨ ᠠᠶᠠᠯᠠᠯ ᠤᠨ ᠭᠠᠵᠠᠷ ᠨᠡᠪᠲᠡᠷᠡᠭᠰᠡᠨ ᠤ ᠳᠠᠷᠠᠭ᠎ᠠ᠂ ᠰᠢᠨ᠎ᠡ ᠠᠭᠠᠷ ᠤᠨ ᠠᠶᠠᠯᠠᠯ ᠤᠨ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ | ᠠᠶᠠᠯᠠᠯ ᠨᠡᠪᠲᠡᠷᠡᠬᠦ ᠬᠤᠲᠠ 30 ᠪᠣᠯᠵᠤ᠂ ᠡᠭᠦᠨ ᠳᠤ ᠬᠥᠬᠡᠬᠤᠲᠠ᠂ ᠱᠠᠩᠬᠠᠢ᠂ ᠨᠠᠨᠵᠢᠩ᠂ ᠬᠠᠩᠵᠧᠦ᠂ ᠰᠢ ᠠᠨ᠂ ᠬᠠᠷᠪᠢᠨ᠂ ᠱᠢ ᠵᠢᠶᠠ ᠵᠤᠸᠠᠩ᠂ ᠲᠢᠶᠠᠨᠵᠢᠨ᠂ | ᠵᠧᠩᠵᠧᠦ᠂ ᠴᠠᠩᠱᠠ᠂ ᠵᠢᠨᠠᠨ᠂ ᠬᠠᠶᠢᠺᠧᠦ᠂ ᠴᠦᠩᠴᠢᠩ᠂ ᠴᠧᠩᠳᠦ᠋᠂ ᠲᠠᠶᠢᠶᠤᠸᠠᠨ ᠢ ᠪᠠᠭᠲᠠᠭᠠᠭᠰᠠᠨ ᠮᠤᠵᠢ ᠶᠢᠨ ᠲᠥᠪ ᠬᠤᠲᠠ ᠳᠤ ᠠᠶᠠᠯᠠᠯ ᠨᠡᠪᠲᠡᠷᠡᠭᠰᠡᠨ | ᠬᠤᠲᠠ 15 ᠪᠣᠶ᠃ | 3 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨᠡᠬᠢ 10᠄ 35 ᠳᠤ᠂ B-3386 ᠨᠣᠮᠧᠷ ᠤᠨ ᠴᠧᠩᠳᠦ᠋ ᠶᠢᠨ ᠠᠭᠠᠷ ᠤᠨ ᠠᠶᠠᠯᠠᠯ ᠤᠨ ᠺᠣᠮᠫᠠᠨᠢ ᠶᠢᠨ | ᠤᠯᠤᠰ ᠤᠨ ᠳᠣᠲᠤᠭᠠᠳᠤ ᠳᠤ ᠦᠢᠯᠡᠳᠪᠦᠷᠢᠯᠡᠭᠰᠡᠨ ARJ21-700 ᠠᠶᠠᠨᠴᠢᠨ ᠤ ᠨᠢᠰᠬᠡᠯ ᠤᠯᠠᠭᠠᠨᠬᠠᠳᠠ ᠶᠢᠨ ᠬᠠᠰ ᠯᠤᠤ ᠠᠭᠠᠷ ᠤᠨ ᠠᠶᠠᠯᠠᠯ ᠤᠨ ᠨᠢᠰᠬᠡᠯ | ᠤᠨ ᠪᠠᠭᠤᠳᠠᠯ ᠳᠤ ᠲᠣᠭᠲᠠᠭᠤᠨ ᠢᠶᠠᠷ ᠭᠠᠵᠠᠷ ᠲᠤ ᠪᠠᠭᠤᠵᠤ᠂ ᠤᠯᠠᠭᠠᠨᠬᠤᠲᠠ ︱ ᠤᠯᠠᠭᠠᠨᠬᠠᠳᠠ ︱ ᠲᠠᠶᠢᠶᠤᠸᠠᠨ ᠤ ᠠᠭᠠᠷ ᠤᠨ ᠠᠶᠠᠯᠠᠯ ᠤᠨ ᠱᠤᠭᠤᠮ | ᠵᠢᠩᠬᠢᠨᠢ ᠪᠠᠷ ᠨᠡᠪᠲᠡᠷᠡᠪᠡ᠃ | | | |