| ᠮᠠᠨ ᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ | ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ︽ᠲᠥᠰᠥᠯ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ | ᠬᠢᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ᠂ 2023 ᠣᠨ ᠳᠤ ᠤᠤᠯ ᠤᠨ ᠤᠯᠠᠭᠠᠨᠬᠠᠳᠠ ᠬᠤᠲᠠ ᠶᠢᠨ ᠭᠠᠮᠰᠢᠭ ᠢ | ᠪᠠᠭᠠᠰᠬᠠᠬᠤ ᠵᠥᠪᠯᠡᠯ᠂ ᠤᠯᠠᠭᠠᠨᠬᠠᠳᠠ ᠬᠤᠲᠠ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ | ᠵᠢᠯᠤᠭᠤᠳᠬᠤ ᠭᠠᠵᠠᠷ ᠢ ᠨᠡᠶᠢᠯᠡᠭᠦᠯᠦᠭᠡᠳ ᠤᠯᠠᠭᠠᠨᠬᠠᠳᠠ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠪᠣᠯᠭᠠᠪᠠ᠃ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ | ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠵᠢᠯᠤᠭᠤᠳᠬᠤ ᠭᠠᠵᠠᠷ ᠤᠨ ᠠᠯᠪᠠᠨ ᠭᠡᠷ ︵ᠤᠯᠠᠭᠠᠨᠬᠠᠳᠠ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ ᠠᠴᠠ ︽ᠤᠯᠠᠭᠠᠨᠬᠠᠳᠠ ᠬᠤᠲᠠ ᠶᠢᠨ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ | ᠣᠷᠣᠭᠤᠯᠪᠠ᠃ | ᠬᠤᠶᠠᠷ᠂ ︽ᠲᠥᠰᠥᠯ︾ ᠳᠤ ᠵᠠᠰᠠᠪᠤᠷᠢ ᠣᠷᠣᠭᠤᠯᠤᠭᠰᠠᠨ ᠶᠠᠪᠤᠴᠠ | ᠬᠤᠳᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ | ᠭᠠᠵᠠᠷ ᠤᠨ ᠠᠯᠪᠠᠨ ᠭᠡᠷ ᠡᠨᠡ ᠵᠢᠯ ᠤᠨ 11 ᠰᠠᠷ᠎ᠠ ᠳᠤ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢ ᠵᠣᠬᠢᠶᠠᠨ | ᠪᠠᠶᠢᠭᠤᠯᠤᠨ ᠲᠥᠰᠥᠯ ᠳᠤ ᠵᠠᠰᠠᠪᠤᠷᠢ ᠣᠷᠣᠭᠤᠯᠬᠤ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠲᠥᠰᠥᠯ ᠳᠤ ᠵᠠᠰᠠᠪᠤᠷᠢ | ᠣᠷᠣᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠥᠰᠥᠯ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠃ | ᠠᠵᠢᠯᠯᠠᠬᠤ ᠳᠤᠭᠤᠶᠢᠯᠠᠩ ᠤᠨ ᠬᠢᠨ ᠲᠠᠬᠢᠨ ᠳᠠᠪᠲᠠᠨ ᠪᠠᠶᠢᠴᠠᠭᠠᠨ ᠰᠤᠳᠤᠯᠤᠯᠲᠠ ᠬᠢᠭᠰᠡᠨ ᠪᠠ ᠭᠦᠨᠵᠡᠭᠡᠢ ᠰᠤᠳᠤᠯᠤᠨ | ᠶᠠᠷᠢᠯᠴᠠᠵᠤ᠂ ︽ᠲᠥᠰᠥᠯ︾ ᠤᠨ ᠡᠬᠡ ᠨᠣᠣᠷᠠᠭ ᠢ ᠪᠦᠷᠢᠯᠳᠦᠭᠦᠯᠵᠦ᠂ ᠡᠬᠡ ᠨᠣᠣᠷᠠᠭ ᠢ ᠭᠠᠷᠭᠠᠭᠰᠠᠨ ᠤ ᠳᠠᠷᠠᠭ᠎ᠠ᠂ | ᠪᠢᠴᠢᠭ ᠢᠶᠠᠷ ᠡᠯ᠎ᠡ ᠬᠤᠰᠢᠭᠤ ᠰᠢᠶᠠᠨ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ ᠵᠢᠴᠢ ᠬᠤᠳᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠶᠢᠨ ᠰᠠᠨᠠᠯ ᠢ ᠬᠤᠷᠢᠶᠠᠵᠤ᠂ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ︽ᠲᠥᠰᠥᠯ︾ ᠤᠨ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ | ᠪᠦᠷᠢᠯᠳᠦᠭᠦᠯᠪᠡ᠃ | ᠭᠤᠷᠪᠠ᠂ ︽ᠲᠥᠰᠥᠯ︾ ᠤᠨ ᠭᠤᠣᠯ ᠠᠭᠤᠯᠭ᠎ᠠ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠥᠯ ᠨᠢ ᠨᠡᠶᠢᠲᠡ 8 ᠪᠦᠯᠦᠭ ᠲᠠᠢ᠃ | ᠨᠢᠭᠡᠳᠦᠭᠡᠷ ᠪᠦᠯᠦᠭ᠂ ᠶᠡᠷᠦᠩᠬᠡᠢ ᠳᠦᠷᠢᠮ᠃ ᠭᠤᠣᠯᠳᠠᠭᠤ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ | ᠵᠣᠬᠢᠶᠠᠬᠤ ᠦᠨᠳᠦᠰᠦᠯᠡᠯ᠂ ᠠᠵᠢᠯ ᠤᠨ ᠵᠠᠷᠴᠢᠮ᠂ ᠬᠡᠷᠡᠭᠯᠡᠬᠦ ᠬᠡᠪᠴᠢᠶ᠎ᠡ ᠶᠢᠨ ᠲᠤᠬᠠᠢ ᠲᠣᠳᠤᠷᠬᠠᠶᠢᠯᠠᠪᠠ᠃ | ᠬᠤᠶᠠᠳᠤᠭᠠᠷ ᠪᠦᠯᠦᠭ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ᠃ | ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ᠂ ᠪᠦᠷᠢᠯᠳᠦᠭᠦᠨ ᠨᠢᠭᠡᠴᠡ ᠶᠢᠨ ᠭᠤᠣᠯ ᠲᠤᠰᠢᠶᠠᠯ | ᠬᠠᠷᠢᠭᠤᠴᠠᠯᠭ᠎ᠠ ᠶᠢᠨ ᠲᠤᠬᠠᠢ ᠲᠣᠳᠤᠷᠬᠠᠶᠢᠯᠠᠪᠠ᠃ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠺᠣᠮᠠᠨᠳ᠋ᠯᠠᠭᠴᠢ᠂ ᠳᠡᠳ᠋ ᠶᠡᠷᠦᠩᠬᠡᠢ ᠺᠣᠮᠠᠨᠳ᠋ᠯᠠᠭᠴᠢ | ᠵᠢᠴᠢ ᠪᠦᠷᠢᠯᠳᠦᠭᠦᠨ ᠨᠢᠭᠡᠴᠡ ᠶᠢ ᠲᠣᠳᠣᠷᠬᠠᠢ ᠲᠣᠭᠲᠠᠭᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠵᠦ᠂ ᠬᠤᠲᠠ ᠶᠢᠨ ᠭᠠᠮᠰᠢᠭ ᠢ ᠪᠠᠭᠠᠰᠬᠠᠬᠤ ᠵᠥᠪᠯᠡᠯ ᠢ | ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠪᠣᠯᠭᠠᠨ | ᠲᠣᠬᠢᠷᠠᠭᠤᠯᠵᠤ᠂ ᠬᠡᠰᠡᠭ ᠪᠦᠷᠢᠯᠳᠦᠭᠦᠨ ᠨᠢᠭᠡᠴᠡ ᠶᠢᠨ ᠡᠭᠦᠷᠭᠡ ᠴᠢᠳᠠᠪᠤᠷᠢ ᠪᠣᠯᠣᠨ ᠡᠭᠦᠷᠭᠡ ᠬᠠᠷᠢᠭᠤᠴᠠᠯᠭ᠎ᠠ ᠳᠤ | ᠲᠣᠬᠢᠷᠠᠭᠤᠯᠤᠯᠲᠠ ᠬᠢᠪᠡ᠃ | ᠭᠤᠷᠪᠠᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ᠃ ᠭᠤᠣᠯᠳᠠᠭᠤ ᠪᠡᠯᠡ ᠮᠥᠩᠭᠦ᠂ ᠭᠠᠮᠰᠢᠭ | ᠠᠴᠠ ᠠᠪᠤᠷᠠᠬᠤ ᠡᠳ᠋ ᠪᠣᠳᠠᠰ ᠂ ᠮᠡᠳᠡᠭᠡ ᠬᠤᠯᠪᠣᠭ᠎ᠠ ᠪᠠ ᠮᠡᠳᠡᠭᠡ ᠵᠠᠩᠭᠢ᠂ ᠭᠠᠮᠰᠢᠭ ᠠᠴᠠ ᠠᠪᠤᠷᠠᠬᠤ ᠲᠤᠨᠤᠭ | ᠲᠥᠬᠦᠭᠡᠷᠦᠮᠵᠢ ᠂ ᠬᠥᠮᠥᠨ ᠤ ᠬᠦᠴᠦᠨ ᠤ ᠡᠬᠢ ᠪᠠᠶᠠᠯᠢᠭ ᠂ ᠨᠡᠶᠢᠭᠡᠮ ᠤᠨ ᠳᠠᠶᠢᠴᠢᠯᠠᠯᠲᠠ ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠵᠠᠶᠢᠯᠠᠬᠤ ᠲᠠᠯᠠᠪᠤᠷ ᠂ ᠤᠬᠠᠭᠤᠯᠭ᠎ᠠ ᠪᠣᠯᠪᠠᠰᠤᠷᠠᠭᠤᠯᠤᠯ ᠪᠠ ᠰᠣᠷᠢᠯᠲᠠ ᠶᠢᠨ ᠪᠡᠯᠡᠳᠬᠡᠯ ᠠᠵᠢᠯ ᠤᠨ ᠲᠤᠬᠠᠢ | ᠲᠣᠳᠤᠷᠬᠠᠶᠢᠯᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠤᠷᠢᠳᠴᠢᠯᠠᠨ ᠰᠡᠷᠭᠡᠶᠢᠯᠡᠬᠦ ᠪᠡᠯᠡᠳᠬᠡᠯ ᠠᠵᠢᠯ ᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠵᠠᠰᠠᠪᠤᠷᠢ ᠣᠷᠤᠭᠤᠯᠪᠠ᠃ | ᠳᠥᠷᠪᠡᠳᠦᠭᠡᠷ ᠪᠦᠯᠦᠭ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠮᠡᠳᠡᠭᠡ ᠵᠠᠩᠭᠢ ᠶᠢᠨ | ᠬᠠᠮᠢᠶᠠᠷᠤᠯᠲᠠ᠃ ᠭᠤᠣᠯᠳᠠᠭᠤ ᠭᠠᠮᠰᠢᠭ ᠢ ᠬᠢᠨᠠᠨ ᠬᠡᠮᠵᠢᠬᠦ ᠪᠠ ᠮᠡᠳᠡᠭᠦᠯᠬᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ | ᠮᠡᠳᠡᠭᠡᠯᠡᠬᠦ ᠪᠠ ᠮᠡᠳᠡᠭᠡ ᠵᠠᠩᠭᠢ ᠳᠠᠮᠵᠢᠭᠤᠯᠬᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠲᠠᠯ᠎ᠠ ᠪᠠᠷ ᠲᠣᠳᠤᠷᠬᠠᠶᠢᠯᠠᠪᠠ᠃ | ᠲᠠᠪᠤᠳᠤᠭᠠᠷ ᠪᠦᠯᠦᠭ᠂ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ᠃ ᠡᠭᠦᠨ ᠳᠤ ᠭᠤᠣᠯᠳᠠᠭᠤ ᠡᠬᠢᠯᠡᠭᠦᠯᠬᠦ ᠨᠥᠬᠦᠴᠡᠯ | ᠂ ᠡᠬᠢᠯᠡᠭᠦᠯᠬᠦ ᠵᠢᠷᠤᠮ᠂ ᠤᠷᠢᠳᠴᠢᠯᠠᠨ ᠰᠡᠷᠡᠮᠵᠢᠯᠡᠭᠦᠯᠬᠦ ᠵᠣᠬᠢᠴᠠᠩᠭᠤᠢ ᠠᠷᠭ᠎ᠠ ᠬᠡᠮᠵᠢᠶ᠎ᠡ᠂ ᠤᠷᠢᠳᠴᠢᠯᠠᠨ ᠰᠡᠷᠡᠮᠵᠢᠯᠡᠭᠦᠯᠬᠦ | ᠶᠢ ᠳᠠᠭᠠᠬᠤ ᠠᠵᠢᠯᠯᠠᠭ᠎ᠠ ᠶᠢ ᠳᠠᠭᠤᠰᠬᠠᠬᠤ ᠲᠤᠬᠠᠢ ᠲᠣᠳᠤᠷᠬᠠᠶᠢᠯᠠᠪᠠ᠃ | ᠵᠢᠷᠭᠤᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ᠃ ᠭᠤᠣᠯᠳᠠᠭᠤ ᠪᠠᠴᠢᠮ ᠪᠠᠶᠢᠳᠠᠯ ᠢ | ᠠᠷᠭᠠᠴᠠᠬᠤ ᠶᠢᠨ ᠪᠥᠬᠦ ᠶᠠᠪᠤᠴᠠ ᠳᠤ ᠲᠣᠳᠣᠷᠬᠠᠶᠢᠯᠠᠯᠲᠠ ᠬᠢᠪᠡ᠃ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠲᠠᠰ | ᠬᠤᠪᠢᠶᠠᠬᠤ ᠪᠠᠷᠢᠮᠵᠢᠶ᠎ᠠ᠂ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ᠂ ᠳᠠᠭᠠᠬᠤ ᠠᠷᠭ᠎ᠠ ᠬᠡᠮᠵᠢᠶ᠎ᠡ ᠪᠠ | ᠳᠠᠭᠤᠰᠬᠠᠬᠤ ᠨᠥᠬᠦᠴᠡᠯ ᠢ ᠲᠣᠳᠣᠷᠬᠠᠢ ᠲᠣᠭᠲᠠᠭᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠪᠡ᠃ | ᠳᠣᠯᠣᠳᠤᠭᠠᠷ ᠪᠦᠯᠦᠭ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ | ᠃ ᠭᠤᠣᠯᠳᠠᠭᠤ ᠰᠢᠯᠵᠢᠯᠲᠡ ᠶᠢᠨ ᠴᠢᠨᠠᠷᠲᠠᠢ ᠠᠮᠢᠳᠤᠷᠠᠯ ᠤᠨ ᠠᠪᠤᠷᠠᠨ ᠲᠤᠰᠠᠯᠠᠯᠲᠠ᠂ ᠡᠪᠦᠯ ᠬᠠᠪᠤᠷ ᠤᠨ ᠠᠪᠤᠷᠠᠨ | ᠲᠤᠰᠠᠯᠠᠯᠲᠠ᠂ ᠡᠪᠳᠡᠷᠡᠵᠦ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠲᠤᠬᠠᠢ | ᠲᠣᠳᠤᠷᠬᠠᠶᠢᠯᠠᠪᠠ᠃ | ᠨᠠᠢᠮᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ᠭᠤᠣᠯᠳᠠᠭᠤ ᠠᠪᠤᠷᠠᠨ ᠲᠤᠰᠠᠯᠠᠬᠤ ᠵᠣᠭᠤᠰ ᠮᠥᠩᠭᠦ ᠡᠳ᠋ | ᠪᠣᠳᠠᠰ ᠤᠨ ᠬᠢᠨᠠᠯᠲᠠ ᠬᠠᠮᠢᠶᠠᠷᠤᠯᠲᠠ᠂ ᠱᠠᠩᠨᠠᠯ ᠬᠥᠬᠢᠭᠦᠯᠦᠯ ᠪᠠ ᠡᠭᠦᠷᠭᠡ ᠬᠠᠷᠢᠭᠤᠴᠠᠯᠭ᠎ᠠ᠂ ᠲᠥᠰᠥᠯ ᠤᠨ ᠰᠣᠷᠢᠯᠲᠠ᠂ | ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ᠂ ᠲᠥᠰᠥᠯ ᠤᠨ ᠬᠡᠷᠡᠭᠵᠢᠭᠦᠯᠦᠯᠲᠡ ᠶᠢᠨ ᠲᠤᠬᠠᠢ ᠲᠣᠳᠣᠷᠬᠠᠶᠢᠯᠠᠨ ᠲᠥᠰᠥᠯ ᠢ | ᠬᠡᠷᠡᠭᠵᠢᠭᠦᠯᠬᠦ ᠴᠠᠭ ᠢ ᠲᠣᠭᠲᠠᠭᠠᠪᠠ᠃ | | | |