| | ᠮᠠᠨ ᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ | ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ | ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ︽ᠲᠥᠰᠥᠯ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ | ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ | ᠲᠣᠬᠢᠷᠠᠭᠤᠯᠤᠯᠲᠠ ᠬᠢᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ᠂ 2023 ᠣᠨ ᠳᠤ ᠤᠤᠯ ᠤᠨ ᠤᠯᠠᠭᠠᠨᠬᠠᠳᠠ | ᠬᠤᠲᠠ ᠶᠢᠨ ᠭᠠᠮᠰᠢᠭ ᠢ ᠪᠠᠭᠠᠰᠬᠠᠬᠤ ᠵᠥᠪᠯᠡᠯ᠂ ᠤᠯᠠᠭᠠᠨᠬᠠᠳᠠ ᠬᠤᠲᠠ ᠶᠢᠨ ᠭᠠᠵᠠᠷ ᠬᠥᠳᠡᠯᠦᠯᠲᠡ ᠲᠠᠢ ᠲᠡᠮᠡᠴᠡᠵᠦ | ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠢ ᠨᠡᠶᠢᠯᠡᠭᠦᠯᠦᠭᠡᠳ ᠤᠯᠠᠭᠠᠨᠬᠠᠳᠠ ᠬᠤᠲᠠ ᠶᠢᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠪᠣᠯᠭᠠᠪᠠ᠃ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠵᠢᠯᠤᠭᠤᠳᠬᠤ ᠭᠠᠵᠠᠷ ᠤᠨ | ᠠᠯᠪᠠᠨ ᠭᠡᠷ ︵ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ ᠠᠴᠠ | ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ | ᠲᠥᠰᠥᠯ︾ ᠳᠤ ᠵᠠᠰᠠᠪᠤᠷᠢ ᠣᠷᠣᠭᠤᠯᠪᠠ᠃ | ᠬᠤᠶᠠᠷ᠂ ︽ᠲᠥᠰᠥᠯ︾ ᠳᠤ ᠵᠠᠰᠠᠪᠤᠷᠢ ᠣᠷᠣᠭᠤᠯᠤᠭᠰᠠᠨ ᠶᠠᠪᠤᠴᠠ | ᠬᠤᠳᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ | ᠵᠢᠯᠤᠭᠤᠳᠬᠤ ᠭᠠᠵᠠᠷ ᠤᠨ ᠠᠯᠪᠠᠨ ᠭᠡᠷ ᠡᠨᠡ ᠵᠢᠯ ᠤᠨ 11 ᠰᠠᠷ᠎ᠠ ᠳᠤ ᠬᠤᠯᠪᠣᠭᠳᠠᠯ ᠪᠦᠬᠦᠢ ᠪᠦᠷᠢᠯᠳᠦᠭᠦᠨ | ᠨᠢᠭᠡᠴᠡ ᠶᠢ ᠵᠣᠬᠢᠶᠠᠨ ᠪᠠᠶᠢᠭᠤᠯᠤᠨ ᠲᠥᠰᠥᠯ ᠳᠤ ᠵᠠᠰᠠᠪᠤᠷᠢ ᠣᠷᠣᠭᠤᠯᠬᠤ ᠵᠣᠬᠢᠴᠠᠭᠤᠯᠬᠤ ᠬᠤᠷᠠᠯ ᠬᠤᠷᠠᠯᠳᠤᠭᠤᠯᠵᠤ᠂ | ᠲᠥᠰᠥᠯ ᠳᠤ ᠵᠠᠰᠠᠪᠤᠷᠢ ᠣᠷᠣᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠥᠰᠥᠯ ᠳᠤ ᠵᠠᠰᠠᠪᠤᠷᠢ ᠣᠷᠣᠭᠤᠯᠬᠤ | ᠠᠵᠢᠯ ᠢ ᠡᠬᠢᠯᠡᠭᠦᠯᠪᠡ᠃ ᠠᠵᠢᠯᠯᠠᠬᠤ ᠳᠤᠭᠤᠶᠢᠯᠠᠩ ᠤᠨ ᠬᠢᠨ ᠲᠠᠬᠢᠨ ᠳᠠᠪᠲᠠᠨ ᠪᠠᠶᠢᠴᠠᠭᠠᠨ ᠰᠤᠳᠤᠯᠤᠯᠲᠠ ᠬᠢᠭᠰᠡᠨ | ᠪᠠ ᠭᠦᠨᠵᠡᠭᠡᠢ ᠰᠤᠳᠤᠯᠤᠨ ᠶᠠᠷᠢᠯᠴᠠᠵᠤ᠂ ︽ᠲᠥᠰᠥᠯ︾ ᠤᠨ ᠡᠬᠡ ᠨᠣᠣᠷᠠᠭ ᠢ ᠪᠦᠷᠢᠯᠳᠦᠭᠦᠯᠵᠦ᠂ ᠡᠬᠡ ᠨᠣᠣᠷᠠᠭ ᠢ | ᠭᠠᠷᠭᠠᠭᠰᠠᠨ ᠤ ᠳᠠᠷᠠᠭ᠎ᠠ᠂ ᠪᠢᠴᠢᠭ ᠢᠶᠠᠷ ᠡᠯ᠎ᠡ ᠬᠤᠰᠢᠭᠤ ᠰᠢᠶᠠᠨ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ ᠵᠢᠴᠢ ᠬᠤᠳᠠ ᠶᠢᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ | ᠶᠢᠨ ᠰᠠᠨᠠᠯ ᠢ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ︽ᠲᠥᠰᠥᠯ︾ ᠤᠨ | ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠪᠦᠷᠢᠯᠳᠦᠭᠦᠯᠪᠡ᠃ | ᠭᠤᠷᠪᠠ᠂ ︽ᠲᠥᠰᠥᠯ︾ ᠤᠨ ᠭᠤᠣᠯ ᠠᠭᠤᠯᠭ᠎ᠠ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠥᠯ ᠨᠢ ᠨᠡᠶᠢᠲᠡ 8 ᠪᠦᠯᠦᠭ ᠲᠠᠢ᠃ | ᠨᠢᠭᠡᠳᠦᠭᠡᠷ ᠪᠦᠯᠦᠭ᠂ ᠶᠡᠷᠦᠩᠬᠡᠢ ᠳᠦᠷᠢᠮ᠃ ᠭᠤᠣᠯᠳᠠᠭᠤ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ | ᠵᠣᠬᠢᠶᠠᠬᠤ ᠦᠨᠳᠦᠰᠦᠯᠡᠯ᠂ ᠠᠵᠢᠯ ᠤᠨ ᠵᠠᠷᠴᠢᠮ᠂ ᠬᠡᠷᠡᠭᠯᠡᠬᠦ ᠬᠡᠪᠴᠢᠶ᠎ᠡ ᠶᠢᠨ ᠲᠤᠬᠠᠢ ᠲᠣᠳᠤᠷᠬᠠᠶᠢᠯᠠᠪᠠ᠃ | ᠬᠤᠶᠠᠳᠤᠭᠠᠷ ᠪᠦᠯᠦᠭ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ᠃ | ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ᠂ ᠪᠦᠷᠢᠯᠳᠦᠭᠦᠨ ᠨᠢᠭᠡᠴᠡ ᠶᠢᠨ ᠭᠤᠣᠯ ᠲᠤᠰᠢᠶᠠᠯ | ᠬᠠᠷᠢᠭᠤᠴᠠᠯᠭ᠎ᠠ ᠶᠢᠨ ᠲᠤᠬᠠᠢ ᠲᠣᠳᠤᠷᠬᠠᠶᠢᠯᠠᠪᠠ᠃ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠺᠣᠮᠠᠨᠳ᠋ᠯᠠᠭᠴᠢ᠂ ᠳᠡᠳ᠋ ᠶᠡᠷᠦᠩᠬᠡᠢ | ᠺᠣᠮᠠᠨᠳ᠋ᠯᠠᠭᠴᠢ ᠵᠢᠴᠢ ᠪᠦᠷᠢᠯᠳᠦᠭᠦᠨ ᠨᠢᠭᠡᠴᠡ ᠶᠢ ᠲᠣᠳᠣᠷᠬᠠᠢ ᠲᠣᠭᠲᠠᠭᠠᠪᠠ᠃ ᠳᠡᠭᠡᠷᠡᠬᠢ ᠲᠥᠰᠥᠯ ᠲᠠᠢ | ᠬᠠᠷᠢᠴᠠᠭᠤᠯᠪᠠᠯ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠵᠦ᠂ ᠬᠤᠲᠠ ᠶᠢᠨ | ᠭᠠᠮᠰᠢᠭ ᠢ ᠪᠠᠭᠠᠰᠬᠠᠬᠤ ᠵᠥᠪᠯᠡᠯ ᠢ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠵᠢᠯᠤᠭᠤᠳᠬᠤ ᠭᠠᠵᠠᠷ ᠪᠣᠯᠭᠠᠨ ᠲᠣᠬᠢᠷᠠᠭᠤᠯᠵᠤ᠂ ᠬᠡᠰᠡᠭ ᠪᠦᠷᠢᠯᠳᠦᠭᠦᠨ ᠨᠢᠭᠡᠴᠡ ᠶᠢᠨ ᠡᠭᠦᠷᠭᠡ ᠴᠢᠳᠠᠪᠤᠷᠢ | ᠪᠣᠯᠣᠨ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠪᠡ᠃ | ᠭᠤᠷᠪᠠᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ᠃ ᠭᠤᠣᠯᠳᠠᠭᠤ ᠪᠡᠯᠡ ᠮᠥᠩᠭᠦ᠂ | ᠭᠠᠮᠰᠢᠭ ᠠᠴᠠ ᠠᠪᠤᠷᠠᠬᠤ ᠡᠳ᠋ ᠪᠣᠳᠠᠰ ᠂ ᠮᠡᠳᠡᠭᠡ ᠬᠤᠯᠪᠣᠭ᠎ᠠ ᠪᠠ ᠮᠡᠳᠡᠭᠡ ᠵᠠᠩᠭᠢ᠂ ᠭᠠᠮᠰᠢᠭ ᠠᠴᠠ ᠠᠪᠤᠷᠠᠬᠤ ᠲᠤᠨᠤᠭ | ᠲᠥᠬᠦᠭᠡᠷᠦᠮᠵᠢ ᠂ ᠬᠥᠮᠥᠨ ᠤ ᠬᠦᠴᠦᠨ ᠤ ᠡᠬᠢ ᠪᠠᠶᠠᠯᠢᠭ ᠂ ᠨᠡᠶᠢᠭᠡᠮ ᠤᠨ ᠳᠠᠶᠢᠴᠢᠯᠠᠯᠲᠠ ᠂ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠵᠠᠶᠢᠯᠠᠬᠤ ᠲᠠᠯᠠᠪᠤᠷ ᠂ ᠤᠬᠠᠭᠤᠯᠭ᠎ᠠ ᠪᠣᠯᠪᠠᠰᠤᠷᠠᠭᠤᠯᠤᠯ ᠪᠠ ᠰᠣᠷᠢᠯᠲᠠ ᠶᠢᠨ ᠪᠡᠯᠡᠳᠬᠡᠯ ᠠᠵᠢᠯ | ᠤᠨ ᠲᠤᠬᠠᠢ ᠲᠣᠳᠤᠷᠬᠠᠶᠢᠯᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠤᠷᠢᠳᠴᠢᠯᠠᠨ ᠰᠡᠷᠭᠡᠶᠢᠯᠡᠬᠦ ᠪᠡᠯᠡᠳᠬᠡᠯ | ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠵᠠᠰᠠᠪᠤᠷᠢ | ᠣᠷᠤᠭᠤᠯᠪᠠ᠃ | ᠳᠥᠷᠪᠡᠳᠦᠭᠡᠷ ᠪᠦᠯᠦᠭ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠮᠡᠳᠡᠭᠡ ᠵᠠᠩᠭᠢ ᠶᠢᠨ | ᠬᠠᠮᠢᠶᠠᠷᠤᠯᠲᠠ᠃ ᠭᠤᠣᠯᠳᠠᠭᠤ ᠭᠠᠮᠰᠢᠭ ᠢ ᠬᠢᠨᠠᠨ ᠬᠡᠮᠵᠢᠬᠦ ᠪᠠ ᠮᠡᠳᠡᠭᠦᠯᠬᠦ᠂ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠬᠦ ᠪᠠ ᠮᠡᠳᠡᠭᠡ ᠵᠠᠩᠭᠢ ᠳᠠᠮᠵᠢᠭᠤᠯᠬᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠯ᠎ᠠ ᠪᠠᠷ ᠲᠣᠳᠤᠷᠬᠠᠶᠢᠯᠠᠪᠠ᠃ | ᠲᠠᠪᠤᠳᠤᠭᠠᠷ ᠪᠦᠯᠦᠭ᠂ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ᠃ ᠡᠭᠦᠨ ᠳᠤ ᠭᠤᠣᠯᠳᠠᠭᠤ ᠡᠬᠢᠯᠡᠭᠦᠯᠬᠦ | ᠨᠥᠬᠦᠴᠡᠯ᠂ ᠡᠬᠢᠯᠡᠭᠦᠯᠬᠦ ᠵᠢᠷᠤᠮ᠂ ᠤᠷᠢᠳᠴᠢᠯᠠᠨ ᠰᠡᠷᠡᠮᠵᠢᠯᠡᠭᠦᠯᠬᠦ ᠵᠣᠬᠢᠴᠠᠩᠭᠤᠢ ᠠᠷᠭ᠎ᠠ ᠬᠡᠮᠵᠢᠶ᠎ᠡ᠂ ᠤᠷᠢᠳᠴᠢᠯᠠᠨ | ᠰᠡᠷᠡᠮᠵᠢᠯᠡᠭᠦᠯᠬᠦ ᠶᠢ ᠳᠠᠭᠠᠬᠤ ᠠᠵᠢᠯᠯᠠᠭ᠎ᠠ ᠶᠢ ᠳᠠᠭᠤᠰᠬᠠᠬᠤ ᠲᠤᠬᠠᠢ ᠲᠣᠳᠤᠷᠬᠠᠶᠢᠯᠠᠪᠠ᠃ | ᠵᠢᠷᠭᠤᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ᠃ ᠭᠤᠣᠯᠳᠠᠭᠤ ᠪᠠᠴᠢᠮ ᠪᠠᠶᠢᠳᠠᠯ ᠢ | ᠠᠷᠭᠠᠴᠠᠬᠤ ᠶᠢᠨ ᠪᠥᠬᠦ ᠶᠠᠪᠤᠴᠠ ᠳᠤ ᠲᠣᠳᠣᠷᠬᠠᠶᠢᠯᠠᠯᠲᠠ ᠬᠢᠪᠡ᠃ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ | ᠲᠠᠰ ᠬᠤᠪᠢᠶᠠᠬᠤ ᠪᠠᠷᠢᠮᠵᠢᠶ᠎ᠠ᠂ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ᠂ ᠳᠠᠭᠠᠬᠤ ᠠᠷᠭ᠎ᠠ ᠬᠡᠮᠵᠢᠶ᠎ᠡ | ᠪᠠ ᠳᠠᠭᠤᠰᠬᠠᠬᠤ ᠨᠥᠬᠦᠴᠡᠯ ᠢ ᠲᠣᠳᠣᠷᠬᠠᠢ ᠲᠣᠭᠲᠠᠭᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠪᠡ᠃ | ᠳᠣᠯᠣᠳᠤᠭᠠᠷ ᠪᠦᠯᠦᠭ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ᠰᠡᠷᠭᠦᠭᠡᠨ ᠳᠠᠬᠢᠨ ᠪᠦᠲᠦᠭᠡᠨ | ᠪᠠᠶᠢᠭᠤᠯᠬᠤ᠃ ᠭᠤᠣᠯᠳᠠᠭᠤ ᠰᠢᠯᠵᠢᠯᠲᠡ ᠶᠢᠨ ᠴᠢᠨᠠᠷᠲᠠᠢ ᠠᠮᠢᠳᠤᠷᠠᠯ ᠤᠨ ᠠᠪᠤᠷᠠᠨ ᠲᠤᠰᠠᠯᠠᠯᠲᠠ᠂ ᠡᠪᠦᠯ ᠬᠠᠪᠤᠷ ᠤᠨ | ᠠᠪᠤᠷᠠᠨ ᠲᠤᠰᠠᠯᠠᠯᠲᠠ᠂ ᠡᠪᠳᠡᠷᠡᠵᠦ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ | ᠲᠤᠬᠠᠢ ᠲᠣᠳᠤᠷᠬᠠᠶᠢᠯᠠᠪᠠ᠃ | ᠨᠠᠢᠮᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ᠭᠤᠣᠯᠳᠠᠭᠤ ᠠᠪᠤᠷᠠᠨ ᠲᠤᠰᠠᠯᠠᠬᠤ ᠵᠣᠭᠤᠰ ᠮᠥᠩᠭᠦ | ᠡᠳ᠋ ᠪᠣᠳᠠᠰ ᠤᠨ ᠬᠢᠨᠠᠯᠲᠠ ᠬᠠᠮᠢᠶᠠᠷᠤᠯᠲᠠ᠂ ᠱᠠᠩᠨᠠᠯ ᠬᠥᠬᠢᠭᠦᠯᠦᠯ ᠪᠠ ᠡᠭᠦᠷᠭᠡ ᠬᠠᠷᠢᠭᠤᠴᠠᠯᠭ᠎ᠠ᠂ ᠲᠥᠰᠥᠯ ᠤᠨ | ᠰᠣᠷᠢᠯᠲᠠ᠂ ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ᠂ ᠲᠥᠰᠥᠯ ᠤᠨ ᠬᠡᠷᠡᠭᠵᠢᠭᠦᠯᠦᠯᠲᠡ ᠶᠢᠨ ᠲᠤᠬᠠᠢ ᠲᠣᠳᠣᠷᠬᠠᠶᠢᠯᠠᠨ | ᠲᠥᠰᠥᠯ ᠢ ᠬᠡᠷᠡᠭᠵᠢᠭᠦᠯᠬᠦ ᠴᠠᠭ ᠢ ᠲᠣᠭᠲᠠᠭᠠᠪᠠ᠃ | | |