ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/14
  ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃

ᠨᠢᠭᠡ᠂ ᠢᠯᠡ ᠨᠡᠶᠢᠲᠡᠯᠡᠬᠦ ᠨᠡᠷᠡᠰ

ᠹᠦ᠋ ᠰᠢᠶᠣᠣ ᠯᠢᠨ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠡᠪ

ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠠᠤᠬᠠᠨ ᠺᠠᠳ᠋ᠷ ᠤᠨ ᠳᠡᠭᠡᠳᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠲᠠᠢ᠂ ᠬᠤᠰᠢᠭᠤ ᠰᠢᠶᠠᠨ

ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ

ᠼᠦᠢ ᠭᠤᠸᠠᠩ ᠴᠢᠩ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 9 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ

ᠰᠤᠷᠭᠠᠭᠤᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ

ᠲᠤᠰᠢᠶᠠᠯ ᠲᠠᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠳᠣᠲᠣᠭᠠᠳᠤ ᠶᠢᠨ

ᠪᠠᠶᠢᠭᠤᠯᠤᠮᠵᠢ ᠶᠢᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃

ᠵᠠᠩ ᠴᠢ ᠬᠠᠩ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ

ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋

ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠬᠤ ᠪᠠᠷ ᠪᠣᠶ᠃

ᠬᠤᠶᠠᠷ᠂ ᠢᠯᠡ ᠨᠡᠶᠢᠲᠡᠯᠡᠬᠦ ᠴᠠᠭ

2024 ᠣᠨ ᠤ 5 ᠰᠠᠷ᠎ᠠ ᠶᠢᠨ 14 ᠠᠴᠠ 2024 ᠣᠨ ᠤ 5 ᠰᠠᠷ᠎ᠠ ᠶᠢᠨ 20  ᠤ ᠡᠳᠦᠷ ᠪᠣᠯᠲᠠᠯ᠎ᠠ᠃

ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ

ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ

ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ

ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ

ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ

ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ

ᠲᠤᠰᠬᠠᠨ᠎ᠠ᠃

    ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ

ᠲᠣᠬᠢᠷᠠᠭᠤᠯᠪᠠ᠃

    ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ

    ᠦᠳᠡ ᠶᠢᠨ ᠡᠮᠦᠨᠡᠬᠢ 8᠄ 30 ︱ 12᠄ 00

    ᠦᠳᠡ ᠶᠢᠨ ᠬᠤᠶᠢᠨᠠᠬᠢ 2᠄ 30 ︱ 5᠄ 30

    ᠭᠥᠯᠢᠶᠡᠨ ᠠᠪᠬᠤ ᠤᠲᠠᠰᠤ᠄ ︵0476︶ 12380

    ᠣᠨᠴᠠᠭᠠᠶᠢᠯᠠᠨ ᠵᠠᠷᠯᠠᠪᠠ

               ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ

                      ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ

                     2024 ᠣᠨ ᠤ 5 ᠰᠠᠷ᠎ᠠ ᠶᠢᠨ 13  ᠤ ᠡᠳᠦᠷ

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ