| | ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃ | ᠨᠢᠭᠡ᠂ ᠢᠯᠡ ᠨᠡᠶᠢᠲᠡᠯᠡᠬᠦ ᠨᠡᠷᠡᠰ | ᠹᠦ᠋ ᠰᠢᠶᠣᠣ ᠯᠢᠨ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠠᠤᠬᠠᠨ ᠺᠠᠳ᠋ᠷ ᠤᠨ ᠳᠡᠭᠡᠳᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠲᠠᠢ᠂ ᠬᠤᠰᠢᠭᠤ ᠰᠢᠶᠠᠨ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ | ︔ | ᠼᠦᠢ ᠭᠤᠸᠠᠩ ᠴᠢᠩ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 9 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ | ᠰᠤᠷᠭᠠᠭᠤᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ | ᠲᠤᠰᠢᠶᠠᠯ ᠲᠠᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠳᠣᠲᠣᠭᠠᠳᠤ ᠶᠢᠨ | ᠪᠠᠶᠢᠭᠤᠯᠤᠮᠵᠢ ᠶᠢᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃ | ᠵᠠᠩ ᠴᠢ ᠬᠠᠩ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ | ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠬᠤ ᠪᠠᠷ ᠪᠣᠶ᠃ | ᠬᠤᠶᠠᠷ᠂ ᠢᠯᠡ ᠨᠡᠶᠢᠲᠡᠯᠡᠬᠦ ᠴᠠᠭ | 2024 ᠣᠨ ᠤ 5 ᠰᠠᠷ᠎ᠠ ᠶᠢᠨ 14 ᠠᠴᠠ 2024 ᠣᠨ ᠤ 5 ᠰᠠᠷ᠎ᠠ ᠶᠢᠨ 20 ᠤ ᠡᠳᠦᠷ ᠪᠣᠯᠲᠠᠯ᠎ᠠ᠃ | ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ | ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ | ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ | ᠲᠤᠰᠬᠠᠨ᠎ᠠ᠃ | ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ | ᠲᠣᠬᠢᠷᠠᠭᠤᠯᠪᠠ᠃ | ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ | ᠦᠳᠡ ᠶᠢᠨ ᠡᠮᠦᠨᠡᠬᠢ 8᠄ 30 ︱ 12᠄ 00 | ᠦᠳᠡ ᠶᠢᠨ ᠬᠤᠶᠢᠨᠠᠬᠢ 2᠄ 30 ︱ 5᠄ 30 | ᠭᠥᠯᠢᠶᠡᠨ ᠠᠪᠬᠤ ᠤᠲᠠᠰᠤ᠄ ︵0476︶ 12380 | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ | ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | 2024 ᠣᠨ ᠤ 5 ᠰᠠᠷ᠎ᠠ ᠶᠢᠨ 13 ᠤ ᠡᠳᠦᠷ | |