ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/15
     ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃    ᠨᠢᠭᠡ᠂ ᠢᠯᠡ ᠨᠡᠶᠢᠲᠡᠯᠡᠬᠦ ᠨᠡᠷᠡᠰ    ᠹᠦ᠋ ᠰᠢᠶᠣᠣ ᠯᠢᠨ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃    ᠼᠦᠢ ᠭᠤᠸᠠᠩ ᠴᠢᠩ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 9 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠪᠠᠶᠢᠭᠤᠯᠤᠮᠵᠢ ᠶᠢᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃    ᠵᠠᠩ ᠴᠢ ᠬᠠᠩ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠶᠢᠨ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠬᠤ ᠪᠠᠷ ᠪᠣᠶ᠃    ᠬᠤᠶᠠᠷ᠂ ᠢᠯᠡ ᠨᠡᠶᠢᠲᠡᠯᠡᠬᠦ ᠴᠠᠭ    2024 ᠣᠨ ᠤ 5 ᠰᠠᠷ᠎ᠠ ᠶᠢᠨ 14 ᠠᠴᠠ 2024 ᠣᠨ ᠤ 5 ᠰᠠᠷ᠎ᠠ ᠶᠢᠨ 20  ᠤ ᠡᠳᠦᠷ ᠪᠣᠯᠲᠠᠯ᠎ᠠ᠃    ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃     ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ ᠲᠣᠬᠢᠷᠠᠭᠤᠯᠪᠠ᠃     ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ                            ᠦᠳᠡ ᠶᠢᠨ ᠡᠮᠦᠨᠡᠬᠢ 8᠄ 30 ︱ 12᠄ 00                           ᠦᠳᠡ ᠶᠢᠨ ᠬᠤᠶᠢᠨᠠᠬᠢ 2᠄ 30 ︱ 5᠄ 30     ᠭᠥᠯᠢᠶᠡᠨ ᠠᠪᠬᠤ ᠤᠲᠠᠰᠤ᠄ ︵0476︶ 12380     ᠣᠨᠴᠠᠭᠠᠶᠢᠯᠠᠨ ᠵᠠᠷᠯᠠᠪᠠ                                     ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ                                     ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                               2024 ᠣᠨ ᠤ 5 ᠰᠠᠷ᠎ᠠ ᠶᠢᠨ 13  ᠤ ᠡᠳᠦᠷ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ