| 1980 ᠣᠨ ᠳᠤ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ︽ᠵᠣᠭᠤᠰ ᠮᠥᠷᠦ᠋ᠢᠴᠡᠬᠦ ᠶᠢ ᠴᠠᠭᠠᠵᠠᠯᠠᠬᠤ | ᠳᠦᠷᠢᠮ︾ ᠢ ᠨᠡᠶᠢᠲᠡᠯᠡᠭᠰᠡᠨ ᠠᠴᠠ ᠰᠡᠭᠦᠯᠡᠷ᠂ ᠵᠤᠤ ᠤᠳᠠ ᠠᠶᠢᠮᠠᠭ ᠨᠢ ᠡᠯ᠎ᠡ ᠬᠤᠰᠢᠭᠤ ᠰᠢᠶᠠᠨ ᠳᠤ ᠵᠣᠬᠢᠶᠠᠨ ᠪᠠᠶᠢᠭᠤᠯᠤᠯᠲᠠ ᠲᠠᠢ ᠪᠠᠷ ᠨᠡᠶᠢᠭᠡᠮ ᠤᠨ ᠠᠮᠦᠷ | ᠲᠦᠪᠰᠢᠨ ᠢ ᠴᠡᠭᠴᠡᠯᠡᠬᠦ ᠲᠠᠢ ᠤᠶᠠᠯᠳᠤᠭᠤᠯᠵᠤ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠦ᠂ ᠴᠠᠭᠠᠵᠠᠯᠠᠬᠤ ᠪᠠ | ᠴᠣᠬᠢᠯᠲᠠ ᠥᠭᠴᠦ᠂ ᠣᠯᠠᠨ ᠢ ᠴᠤᠭᠯᠠᠭᠤᠯᠤᠨ ᠵᠣᠭᠤᠰ ᠮᠥᠷᠦ᠋ᠢᠴᠡᠳᠡᠭ᠂ ᠣᠯᠠᠨᠲᠠ ᠰᠣᠷᠭᠠᠪᠠᠴᠦ ᠦᠯᠦ ᠵᠠᠰᠠᠷᠠᠬᠤ ᠨᠠᠭᠠᠳᠤᠮ ᠤᠨ ᠲᠦᠷᠦᠭᠦᠦ᠂ ᠨᠠᠭᠠᠳᠤᠮ ᠤᠨ | ᠭᠤᠸᠠᠩᠭᠠᠨ ᠢ ᠬᠠᠣᠯᠢ ᠶᠣᠰᠣᠭᠠᠷ ᠰᠢᠢᠳᠬᠡᠵᠦ᠂ ᠡᠩ ᠤᠨ ᠣᠷᠣᠯᠴᠠᠭᠴᠢᠳ ᠢ ᠪᠣᠯ ᠰᠢᠭᠦᠮᠵᠢᠯᠠᠨ ᠰᠤᠷᠭᠠᠬᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ | ᠥᠭᠬᠦ ᠵᠡᠷᠭᠡ ᠠᠷᠭ᠎ᠠ ᠪᠠᠷ ᠰᠢᠢᠳᠪᠦᠷᠢᠯᠡᠪᠡ᠃ ᠡᠭᠦᠨ ᠤ ᠵᠡᠷᠭᠡ ᠪᠠᠷ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠤᠨ ᠨᠢ ᠪᠠᠶᠠᠷ ᠲᠣᠷᠠᠰᠬᠠᠯ ᠤᠨ ᠡᠲᠣᠷ ᠤᠨ | ᠬᠤᠭᠤᠴᠠᠭᠠᠨ ᠳᠤ ᠵᠠᠷ ᠵᠠᠷᠯᠠᠯ ᠨᠡᠶᠢᠲᠡᠯᠡᠵᠦ᠂ ᠥᠷᠭᠡᠨ ᠤᠯᠠᠨ ᠺᠠᠳ᠋ᠷ ᠣᠯᠠᠨ ᠲᠦᠮᠡᠨ ᠢ ᠤᠬᠠᠮᠰᠠᠷ ᠠᠴᠠ ᠪᠠᠨ ᠵᠣᠭᠤᠰ ᠮᠥᠷᠦ᠋ᠢᠴᠡᠬᠦ ᠮᠠᠭᠤ ᠰᠤᠷᠲᠠᠯ ᠢ | ᠡᠰᠡᠷᠭᠦᠴᠡᠬᠦ ᠶᠢ ᠤᠷᠢᠶᠠᠯᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠤᠨ᠂ ᠠᠵᠢᠯᠴᠢᠨ ᠤ ᠡᠪᠯᠡᠯ᠂ ᠵᠠᠯᠠᠭᠤᠴᠣᠳ ᠤᠨ ᠡᠪᠯᠡᠯ ᠪᠣᠯᠣᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠵᠡᠷᠭᠡ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠶᠡᠷᠦᠩᠬᠡᠶᠢᠯᠡᠨ ᠵᠠᠰᠠᠵᠤ᠂ ᠵᠣᠭᠤᠰ ᠮᠥᠷᠦ᠋ᠢᠴᠡᠬᠦ ᠶᠢ ᠬᠤᠷᠢᠭᠯᠠᠬᠤ ᠶᠢ ᠨᠢᠭᠡ ᠵᠦᠢᠯ ᠤᠨ | ᠴᠢᠬᠤᠯᠠ ᠠᠭᠤᠯᠭ᠎ᠠ ᠪᠣᠯᠭᠠᠨ ︽ᠺᠠᠳ᠋ᠷ ᠠᠵᠢᠯᠲᠠᠨ ᠤ ᠰᠠᠬᠢᠬᠤ ᠳᠦᠷᠢᠮ︾᠂ ︽ᠳᠣᠰᠬᠤᠨ ᠤ ᠳᠦᠷᠢᠮ ᠠᠷᠠᠳ ᠤᠨ ᠭᠡᠷ᠎ᠡ︾᠂ ︽ᠰᠠᠭᠤᠭᠠᠯᠢ ᠠᠷᠠᠳ ᠤᠨ | ᠨᠡᠶᠢᠲᠡ ᠶᠢᠨ ᠭᠡᠷ᠎ᠡ︾᠂ ︽ᠠᠶᠠᠨᠴᠢᠳ ᠤᠨ ᠪᠠᠭᠤᠳᠠᠯ ᠤᠨ ᠠᠩᠬᠠᠷᠤᠯ︾ ᠵᠡᠷᠭᠡ ᠳᠤ ᠪᠢᠴᠢᠨ ᠣᠷᠣᠭᠤᠯᠵᠤ᠂ ᠣᠯᠠᠨ ᠲᠦᠮᠡᠨ ᠬᠠᠷᠢᠯᠴᠠᠨ ᠬᠢᠨᠠᠯᠲᠠ ᠲᠠᠯᠪᠢᠵᠤ᠂ | ᠬᠠᠮᠲᠤ ᠪᠠᠷ ᠪᠠᠶᠢᠴᠠᠭᠠᠨ ᠴᠠᠭᠠᠵᠠᠯᠠᠬᠤ ᠪᠣᠯᠵᠠᠢ᠃ 1983 ᠣᠨ ᠳᠤ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠳᠤ ᠣᠯᠠᠨ ᠤᠳᠠᠭ᠎ᠠ ᠣᠯᠠᠨ ᠢ | ᠴᠤᠭᠯᠠᠭᠤᠯᠤᠨ ᠵᠣᠭᠤᠰ ᠮᠥᠷᠦ᠋ᠢᠴᠡᠵᠦ᠂ ᠵᠣᠭᠤᠰᠣᠨ ᠲᠤᠭ᠎ᠠ ᠨᠢ 2 ᠲᠦᠮᠠ ᠭᠠᠷᠤᠢ ᠲᠦᠭᠦᠷᠢᠭ ᠲᠤ ᠬᠦᠷᠦᠭᠰᠡᠨ ᠶᠠᠯᠠᠲᠦ ᠪᠦᠯᠦᠭᠯᠡᠯ ᠢ ᠪᠠᠶᠢᠴᠠᠭᠠᠨ ᠭᠠᠷᠭᠠᠵᠤ᠂ | ᠺᠠᠳ᠋ᠷ 12 ᠬᠥᠮᠥᠨ᠂ ᠡᠩ ᠤᠨ ᠠᠷᠠᠳ 19 ᠬᠥᠮᠥᠨ ᠪᠠᠶᠢᠵᠤ᠂ ᠬᠦᠨᠳᠦ ᠮᠦᠷᠲᠡᠭᠡᠨ ᠬᠤᠷᠳᠤᠨ ᠴᠢᠭᠯᠡᠯᠲᠡ ᠶᠢ ᠪᠠᠷᠢᠮᠲᠠᠯᠠᠨ᠂ ᠠᠳᠠᠯᠢ ᠪᠤᠰᠤ ᠪᠠᠶᠢᠳᠠᠯ ᠢ | ᠦᠨᠳᠦᠰᠦᠯᠡᠵᠦ ᠬᠠᠣᠯᠢ ᠶᠣᠰᠤᠭᠠᠷ ᠴᠢᠩᠭ᠎ᠠ ᠰᠢᠢᠳᠬᠡᠪᠡ᠃ | 1987 ᠊᠊᠊ 1988 ᠣᠨ ᠳᠤ ᠪᠦᠬᠦ ᠬᠤᠲᠠ ᠳᠤ ᠵᠣᠭᠤᠰ ᠮᠥᠷᠦ᠋ᠢᠴᠡᠭᠰᠡᠨ ᠬᠡᠷᠡᠭ 395 ᠶᠢ ᠪᠠᠶᠢᠴᠠᠭᠠᠨ ᠢᠯᠡᠷᠡᠭᠦᠯᠵᠦ᠂ 1 637 ᠬᠦᠮᠣᠨ ᠢ | ᠰᠢᠢᠳᠪᠦᠷᠢᠯᠡᠵᠡᠢ᠃ | 1990 ᠣᠨ ᠳᠤ ᠪᠦᠬᠦ ᠬᠤᠲᠠ ᠳᠤ ᠵᠣᠭᠤᠰ ᠮᠥᠷᠦ᠋ᠢᠴᠡᠭᠰᠡᠨ ᠬᠡᠷᠡᠭ 294 ᠶᠢ ᠪᠠᠶᠢᠴᠠᠭᠠᠨ ᠢᠯᠡᠷᠡᠭᠦᠯᠪᠡ᠂ ᠡᠭᠦᠨ ᠳᠤ ᠬᠤᠲᠠ ᠲᠣᠭᠤᠷᠢᠭ ᠲᠤ 141᠂ | ᠬᠦᠳᠡᠭᠡ ᠲᠣᠰᠬᠤᠨ ᠳᠤ 102 ᠪᠠᠶᠢᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠡᠷᠡᠭ ᠢᠶᠠᠷ 1 353 ᠬᠦᠮᠦᠨ ᠢ ᠰᠢᠢᠳᠪᠦᠷᠢᠯᠡᠵᠦ᠂ 13 ᠬᠦᠮᠦᠨ ᠢ | ᠲᠣᠩᠭᠤᠳᠴᠦ᠂ 991 ᠬᠦᠮᠦᠨ ᠢ ᠵᠣᠭᠤᠰ ᠢᠶᠠᠷ ᠲᠣᠷᠭᠠᠵᠤ᠂ 349 ᠬᠦᠮᠦᠨ ᠳᠤ ᠵᠠᠰᠠᠭ ᠵᠠᠬᠢᠷᠭᠠᠨ ᠤ ᠲᠦᠷ ᠬᠤᠷᠢᠬᠤ ᠰᠢᠢᠳᠬᠡᠯ ᠥᠭᠴᠡᠢ᠃ | | | | |