ᠤᠯᠠᠭᠠᠨᠬᠠᠳᠠ ᠵᠣᠭᠤᠰ ᠮᠥᠷᠦ᠋ᠢᠴᠡᠬᠦ ᠶᠢ ᠴᠠᠭᠠᠵᠠᠯᠠᠭᠰᠠᠨ ᠲᠡᠦᠬᠡ ︵ᠨᠢᠭᠡ︶
ᠨᠡᠶᠢᠲᠡᠯᠡᠭᠰᠡᠨ ᠴᠠᠭ᠄
2024/5/27
    ᠴᠢᠩ ᠤᠯᠤᠰ ᠪᠣᠯᠣᠨ ᠢᠷᠭᠡᠨ ᠤᠯᠤᠰ ᠤᠨ ᠦᠶ᠎ᠡ ᠳᠤ ᠲᠣᠰ ᠭᠠᠵᠠᠷ ᠣᠷᠣᠨ ᠳᠤ ᠵᠣᠭᠤᠰᠤᠨ ᠮᠦᠷᠦᠢ ᠶᠡᠬᠡᠪᠡᠷ ᠳᠡᠯᠭᠡᠷᠡᠵᠦ ᠪᠠᠶᠢᠪᠠ᠃ ᠬᠠᠭᠤᠷᠮᠠᠭ ᠮᠠᠨᠵᠤ ᠤᠯᠤᠰ ᠤᠨ ᠦᠶ᠎ᠡ ᠳᠤ ᠪᠣᠷᠣᠬᠤᠲᠠ᠂ ᠯᠢᠨᠳᠦ᠋ᠩ᠂ ᠤᠯᠠᠭᠠᠨᠬᠠᠳᠠ ᠵᠡᠭᠡᠯᠢ ᠵᠡᠷᠭᠡ ᠭᠠᠵᠠᠷ ᠣᠷᠣᠨ ᠤ ᠶᠡᠭᠡ ᠪᠠᠭ᠎ᠠ ᠭᠤᠳᠤᠮᠵᠢ ᠨᠤᠭᠤᠳ ᠢᠶᠠᠷ ᠵᠣᠭᠤᠰ ᠮᠥᠷᠦ᠋ᠢᠴᠡᠬᠦ ᠭᠠᠵᠠᠷ ᠢ ᠢᠯᠠ ᠪᠠᠷ ᠨᠡᠶᠢᠳᠡᠮ ᠡᠷᠬᠢᠯᠡᠵᠦ᠂ ᠬᠠᠭᠤᠷᠮᠠᠭ ᠮᠠᠨᠵᠤ ᠶᠢᠨ ᠨᠣᠶᠠᠳ ᠲᠦᠰᠢᠮᠡᠳ ᠪᠣᠯᠣᠨ ᠯᠦᠢᠪᠡᠷᠴᠢᠨ ᠨᠠᠭᠠᠲᠣᠮ ᠤᠨ ᠲᠠᠩᠬᠠᠶᠢᠴᠤᠳ ᠬᠠᠷᠢᠯᠴᠠᠨ ᠰᠦᠯᠪᠡᠭᠡᠯᠡᠵᠦ᠂ ᠵᠣᠭᠤᠰᠣᠨ ᠮᠦᠷᠦᠢ ᠶᠢ ᠠᠰᠢᠭᠯᠠᠨ ᠳᠣᠮᠲᠠ ᠠᠴᠠ ᠨᠢ ᠶᠡᠭᠡ ᠬᠡᠮᠵᠢᠶᠡᠨ ᠤ ᠭᠠᠶᠢᠯᠢ ᠶᠢᠨ ᠠᠰᠢᠭ ᠣᠯᠵᠤ ᠪᠠᠶᠢᠵᠠᠢ᠃ ᠵᠣᠭᠤᠰ ᠮᠥᠷᠦ᠋ᠢᠴᠡᠭᠡᠨ ᠶᠡᠭᠡ ᠥᠷᠢᠲᠡᠭᠰᠡᠨ ᠠᠴᠠ ᠪᠣᠯᠵᠤ᠂ ᠵᠠᠷᠢᠮ ᠨᠢ ᠡᠳ᠋ ᠬᠦᠷᠦᠩᠭᠡ ᠪᠠᠨ ᠪᠠᠷᠠᠨ ᠡᠷᠦᠬᠡ ᠭᠡᠷ ᠨᠢ ᠪᠣᠰᠠᠨᠢᠵᠤ᠂ ᠵᠠᠷᠢᠮ ᠨᠢ ᠬᠤᠯᠠᠭᠠᠢ ᠳᠡᠭᠡᠷᠡᠮ ᠬᠢᠵᠦ ᠬᠦᠮᠦᠨ ᠠᠯᠠᠵᠤ ᠬᠦᠷᠦᠩᠭᠡ ᠶᠢ ᠨᠢ ᠪᠣᠯᠢᠶᠠᠨ᠂ ᠨᠡᠶᠢᠭᠡᠮ ᠳᠤ ᠬᠦᠨᠳᠦ ᠰᠦᠷᠡᠬᠡᠢ ᠬᠤᠣᠷ ᠬᠦᠨᠦᠭᠡᠯ ᠤᠴᠠᠷᠠᠭᠤᠯᠪᠠ᠃    1949 ᠣᠨ ᠠᠴᠠ ᠰᠡᠭᠦᠯᠡᠷ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠢ ᠠᠯᠢ ᠣᠯᠠᠨ ᠠᠷᠭ᠎ᠠ ᠬᠡᠮᠵᠢᠶ᠎ᠡ ᠠᠪᠴᠦ᠂ ᠵᠣᠭᠤᠰ ᠮᠥᠷᠦ᠋ᠢᠴᠡᠬᠦ ᠠᠵᠢᠯᠯᠠᠭ᠎ᠠ ᠶᠢ ᠪᠠᠶᠢᠴᠠᠭᠠᠨ ᠴᠠᠭᠠᠵᠠᠯᠠᠪᠠ᠃ ᠵᠣᠭᠤᠰ ᠮᠥᠷᠦ᠋ᠢᠴᠡᠬᠦ ᠪᠠᠷ ᠲᠤᠰᠬᠠᠢ ᠬᠢᠳᠡᠯ ᠪᠣᠯᠭᠠᠵᠤ᠂ ᠵᠣᠭᠤᠰ ᠮᠥᠷᠦ᠋ᠢᠴᠡᠬᠦ ᠭᠠᠵᠠᠷ ᠭᠠᠷᠭᠠᠨ ᠠᠰᠢᠭ ᠬᠤᠨᠵᠢᠳᠠᠭ ᠰᠣᠷᠮᠠᠭᠠᠢ ᠬᠡᠷᠡᠭᠲᠡᠨ ᠪᠣᠯᠣᠨ ᠣᠯᠠᠨᠳᠠ ᠰᠤᠷᠭᠠᠪᠠᠴᠦ ᠦᠯᠦ ᠵᠠᠰᠠᠷᠠᠬᠤ ᠨᠠᠭᠠᠳᠣᠮ ᠤᠨ ᠲᠠᠩᠬᠠᠶᠢᠴᠤᠳ ᠢ ᠬᠠᠣᠯᠢ ᠶᠣᠰᠣᠭᠠᠷ ᠰᠢᠢᠳᠪᠦᠷᠢᠯᠡᠪᠡ᠃ ᠡᠩ ᠤᠨ ᠵᠣᠭᠤᠰ ᠮᠥᠷᠦ᠋ᠢᠴᠡᠭᠰᠡᠳ ᠲᠤ ᠵᠣᠭᠤᠰ ᠮᠥᠷᠦ᠋ᠢᠴᠡᠬᠦ ᠶᠢ ᠵᠣᠬᠰᠤᠭᠠᠬᠤ ᠠᠩᠭᠢ ᠡᠷᠬᠢᠯᠡᠵᠦ᠂ ᠭᠡᠷ ᠤᠨ ᠬᠦᠮᠦᠰ ᠢ ᠨᠢ ᠵᠣᠬᠢᠶᠠᠨ ᠪᠠᠶᠢᠭᠤᠯᠤᠨ ᠢᠳᠬᠠᠨ ᠬᠤᠷᠢᠭᠯᠠᠭᠤᠯᠪᠠ᠃ ᠨᠡᠶᠢᠲᠡᠯᠢᠭ ᠬᠡᠷᠡᠭ᠂ ᠰᠢ ᠵᠦᠴᠦᠭᠡ ᠶᠢᠨ ᠲᠣᠭᠯᠠᠯᠲᠠ ᠵᠡᠷᠭᠡ ᠬᠡᠯᠪᠡᠷᠢ ᠶᠢ ᠠᠰᠢᠭᠯᠠᠨ ᠰᠣᠷᠭᠠᠨ ᠬᠦᠮᠦᠵᠢᠭᠦᠯᠵᠦ᠂ ᠲᠠᠲᠠᠨ ᠢ ᠠᠯᠳᠠᠭ᠎ᠠ ᠪᠣᠷᠣᠭᠤ ᠪᠠᠨ ᠬᠠᠯᠠᠵᠤ ᠵᠥᠪ ᠢᠶᠠᠷ ᠶᠠᠪᠤᠬᠤ ᠱᠠᠭᠠᠷᠳᠠᠵᠠᠢ᠃    1958 ᠣᠨ ᠳᠤ ᠤᠯᠤᠰ ᠠᠴᠠ ᠵᠠᠷᠯᠠᠯ ᠨᠡᠶᠢᠲᠡᠯᠡᠵᠦ᠂ ᠮᠠᠵᠢᠶᠠᠩ ᠫᠠᠢ᠂ ᠴᠠᠭᠠᠰᠤᠨ ᠫᠠᠢ᠂ ᠲᠢᠶᠠᠨ ᠵᠢᠦ ᠫᠠᠢ᠂ ᠱᠤ ᠵᠡᠷᠭᠡ ᠮᠦᠷᠣᠢ ᠶᠢᠨ ᠪᠠᠭᠠᠵᠢ ᠶᠢ ᠦᠢᠯᠡᠳᠪᠦᠷᠢᠯᠡᠨ ᠪᠣᠷᠣᠯᠠᠭᠤᠯᠬᠤ ᠶᠢ ᠴᠠᠭᠠᠵᠠᠯᠠᠪᠠ᠃ ᠲᠤᠰ ᠭᠠᠵᠠᠷ ᠣᠷᠣᠨ ᠠᠴᠠ 3 000 ᠭᠠᠷᠤᠢ ᠮᠦᠷᠦᠢ ᠶᠢᠨ ᠪᠠᠭᠠᠵᠢ ᠶᠢ ᠪᠠᠶᠢᠴᠠᠭᠠᠨ ᠭᠠᠷᠭᠠᠬᠤ ᠶᠢᠨ ᠬᠠᠮᠲᠤ ᠣᠯᠠᠨ ᠳᠤ ᠦᠵᠡᠭᠦᠯᠦᠨ ᠰᠢᠲᠠᠭᠠᠵᠤ ᠬᠠᠶᠠᠪᠠ᠃ ᠡᠭᠦᠨ ᠠᠴᠠ ᠰᠡᠭᠦᠯᠡᠷ ᠵᠣᠭᠤᠰ ᠮᠥᠷᠦ᠋ᠢᠴᠡᠬᠦ ᠠᠵᠢᠯᠯᠠᠭ᠎ᠠ ᠮᠡᠳᠡᠭᠳᠡᠮ᠎ᠡ ᠪᠠᠭᠠᠰᠴᠠᠢ᠃    ᠵᠢᠷᠠᠭᠠᠳ ᠣᠨ ᠤ ᠡᠬᠢ ᠪᠠᠷ ᠵᠣᠭᠤᠰᠣᠨ ᠮᠦᠷᠣᠢ ᠬᠤᠲᠠ ᠪᠠᠯᠭᠠᠰᠤᠨ ᠳᠤ ᠳᠠᠬᠢᠨ ᠦᠨᠳᠡᠶᠢᠵᠤ᠂ ᠢᠯᠠᠩᠭᠤᠶ᠎ᠠ ᠲᠠᠷᠢᠶᠠᠯᠠᠬᠤ ᠲᠣᠰᠬᠤᠨ ᠳᠤ ᠨᠡᠩ ᠬᠡᠴᠡᠭᠦᠦ ᠪᠣᠯᠣᠬᠰᠡᠨ ᠳᠤ ᠡᠯ᠎ᠡ ᠱᠠᠲᠣᠨ ᠤ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠨᠢ ᠡᠷᠡᠰ ᠲᠠᠰᠣᠷᠬᠠᠢ ᠠᠷᠭ᠎ᠠ ᠬᠡᠮᠵᠢᠶ᠎ᠡ ᠠᠪᠴᠦ ᠴᠢᠩᠭ᠎ᠠ ᠴᠣᠬᠢᠯᠲᠠ ᠥᠭᠪᠡ᠃ 1961 ᠣᠨ ᠳᠤ ᠠᠤᠬᠠᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠪᠣᠯᠣᠨ ᠬᠤᠩᠱᠠᠨ ᠴᠦᠭᠦᠷᠦᠮ ᠤᠨ ᠠᠵᠢᠯ ᠤᠨ ᠭᠠᠵᠠᠷ ᠠᠴᠠ ᠵᠣᠭᠤᠰ ᠮᠥᠷᠦ᠋ᠢᠴᠡᠭᠰᠡᠨ ᠬᠡᠷᠡᠭ 719 ᠶᠢ ᠪᠠᠶᠢᠴᠠᠭᠠᠨ ᠢᠯᠡᠷᠡᠭᠦᠯᠪᠡ᠃ 1962 ᠣᠨ ᠳᠤ ᠤᠯᠠᠭᠠᠨᠬᠠᠳᠠ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ ᠭᠤᠷᠪᠠᠨ ᠪᠠᠶᠢᠭᠤᠯᠭ᠎ᠠ ᠨᠢ ᠺᠠᠳ᠋ᠷ ᠲᠣᠮᠢᠯᠠᠨ ᠵᠣᠭᠤᠰᠣᠨ ᠮᠦᠷᠣᠢ ᠶᠢᠨ ᠠᠵᠢᠯᠯᠠᠭ᠎ᠠ ᠬᠦᠨᠲᠦ ᠨᠣᠴᠢᠲᠠᠢ ᠪᠠᠶᠢᠭ᠎ᠠ ᠭᠠᠵᠠᠷ ᠣᠷᠣᠨ ᠳᠤ ᠭᠦᠨᠵᠡᠭᠡᠶᠢᠷᠡᠨ᠂ ᠵᠣᠭᠤᠰᠣᠨ ᠮᠦᠷᠣᠢ ᠶᠢᠨ 8 ᠪᠦᠯᠦᠭᠯᠡᠯ ᠪᠣᠯᠣᠨ ᠵᠣᠭᠤᠰ ᠮᠥᠷᠦ᠋ᠢᠴᠡᠬᠦ ᠳᠤ ᠣᠷᠣᠯᠴᠠᠭᠰᠠᠨ 300 ᠭᠠᠷᠤᠢ ᠬᠦᠮᠦᠨ ᠢ ᠪᠠᠶᠢᠴᠠᠭᠠᠨ ᠭᠠᠷᠭᠠᠵᠤ᠂ ᠲᠦᠷᠦᠭᠦᠦ ᠲᠣᠯᠣᠭᠠᠶᠢᠯᠠᠭᠴᠢ ᠪᠣᠯᠣᠨ ᠨᠠᠭᠠᠳᠤᠮ ᠤᠨ ᠭᠤᠸᠠᠩᠭᠠᠨ 71 ᠬᠦᠮᠦᠨ ᠢ ᠪᠠᠷᠢᠪᠴᠢᠯᠠᠪᠠ᠃ 1965 ᠣᠨ ᠳᠤ ᠤᠯᠠᠭᠠᠨᠬᠠᠳᠠ ᠬᠤᠲᠠ ᠶᠢᠨ ᠬᠤᠭᠤᠯᠠᠶᠢᠲᠤ ᠭᠤᠤ᠂ ᠴᠢᠳᠬᠤᠯᠠᠩ᠂ ᠨᠢᠦ ᠵᠢᠶᠠ ᠢᠩ ᠽᠢ ᠭᠤᠷᠪᠠᠨ ᠰᠢᠶᠠᠩ ᠠᠴᠠ ᠵᠣᠭᠤᠰ ᠮᠥᠷᠦ᠋ᠢᠴᠡᠭᠰᠡᠨ ᠬᠡᠷᠡᠭ 26᠂ ᠵᠣᠭᠤᠰ ᠮᠥᠷᠦ᠋ᠢᠴᠡᠬᠦ ᠳᠤ ᠣᠷᠣᠯᠴᠠᠭᠰᠠᠨ 230 ᠭᠠᠷᠤᠢ ᠬᠦᠮᠦᠨ ᠢ ᠪᠠᠶᠢᠴᠠᠭᠠᠨ ᠭᠠᠷᠭᠠᠵᠤ᠂ ᠣᠯᠠᠨ ᠲᠦᠮᠡᠨ ᠤ ᠶᠡᠭᠡ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠨ ᠢᠯᠠ ᠰᠢᠢᠳᠪᠦᠷᠢᠯᠡᠭᠰᠡᠨ ᠠᠴᠠ ᠮᠦᠷᠣᠢ ᠳᠤ ᠣᠷᠣᠯᠴᠠᠬᠤ᠂ ᠣᠯᠠᠨ ᠬᠦᠮᠦᠨ ᠢ ᠴᠤᠭᠯᠠᠭᠤᠯᠤᠨ ᠵᠣᠭᠤᠰ ᠮᠥᠷᠦ᠋ᠢᠴᠡᠭᠴᠢᠳ ᠪᠠᠭᠠᠰᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ