1-4 ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠨᠡᠮᠡᠭᠳᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠤᠯᠭᠠᠭᠤᠷᠢᠯᠠᠯ ᠬᠦᠴᠦᠲᠡᠢ ᠪᠣᠯᠪᠠ
ᠨᠡᠶᠢᠲᠡᠯᠡᠭᠰᠡᠨ ᠴᠠᠭ᠄
2024/5/28

1 - 4 ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 8.

7% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 14.0% ᠨᠡᠮᠡᠭᠳᠡᠵᠦ᠂ ᠦᠢᠯᠡᠳᠬᠦ

ᠦᠢᠯᠡᠰ 9.4% ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ

ᠦᠢᠯᠡᠰ 3.7% ᠨᠡᠮᠡᠭᠳᠡᠪᠡ᠃ ᠲᠤᠯᠭᠠᠭᠤᠷᠢ ᠠᠵᠢᠯ ᠲᠥᠷᠥᠯ ᠠᠴᠠ ᠠᠪᠴᠤ ᠦᠵᠡᠪᠡᠯ᠂ ᠲᠡᠮᠦᠷᠯᠢᠭ ᠤᠨ ᠠᠵᠢᠯ ᠲᠥᠷᠥᠯ ᠤᠨ ᠨᠡᠮᠡᠭᠳᠡᠯ ᠥᠷᠲᠡᠭ 4.6% ᠪᠠᠷ

ᠨᠡᠮᠡᠭᠳᠡᠵᠦ᠂ ᠡᠨᠧᠷᠭᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ 5.8% ᠪᠠᠷ ᠨᠡᠮᠡᠭᠳᠡᠵᠦ᠂ ᠬᠤᠶᠠᠷ ᠠᠵᠢᠯ ᠲᠥᠷᠥᠯ ᠤᠨ ᠬᠢᠨ ᠬᠡᠪᠴᠢᠶᠡᠵᠢᠯ ᠠᠴᠠ

ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 4.2 %  ᠢᠶᠠᠷ ᠳᠠᠶᠢᠴᠢᠯᠠᠪᠠ᠃ ᠦᠢᠯᠡᠳᠬᠦᠨ ᠤ ᠭᠠᠷᠤᠯᠲᠠ ᠠᠴᠠ

ᠦᠵᠡᠪᠡᠯ᠂ ᠠᠷᠪᠠᠨ ᠵᠦᠢᠯ ᠤᠨ ᠥᠩᠭᠡᠲᠦ ᠲᠡᠮᠦᠷᠯᠢᠭ᠂ ᠱᠦᠢᠨᠢ᠂ ᠪᠣᠯᠣᠳ ᠮᠠᠲ᠋ᠧᠷᠢᠶᠠᠯ ᠵᠡᠷᠭᠡ ᠰᠠᠭᠤᠷᠢ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ

ᠲᠤᠰ ᠲᠤᠰ 0.8%᠂ 26.1%᠂ 26.0% ᠪᠠᠷ ᠨᠡᠮᠡᠭᠳᠡᠪᠡ᠃ ᠠᠵᠤ ᠠᠬᠤᠢ ᠶᠢᠨ ᠦᠷ᠎ᠡ ᠠᠰᠢᠭ ᠠᠴᠠ ᠦᠵᠡᠪᠡᠯ᠂ ᠨᠢᠭᠡᠳᠦᠭᠡᠷ ᠤᠯᠠᠷᠢᠯ ᠳᠤ᠂ ᠪᠦᠬᠦ

ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠡᠵᠡᠩᠨᠡᠯᠲᠡ ᠶᠢᠨ ᠣᠷᠣᠯᠭ᠎ᠠ ᠪᠠᠨ 484.2 ᠳ᠋ᠦᠩᠰᠢᠭᠤᠷ ᠲᠥᠭᠦᠷᠢᠭ

ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ