| 6 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 6 ᠰᠠᠷ᠎ᠠ ᠶᠢᠨ 17 ᠤ | ᠡᠳᠦᠷ ᠠᠴᠠ 23 ᠤ ᠡᠳᠦᠷ ᠪᠣᠯᠲᠠᠯ᠎ᠠ ︽ᠠᠮᠤᠷ ᠠᠮᠤᠭᠤᠯᠠᠩ ᠠᠮᠢᠳᠤᠷᠠᠯ᠂ ᠤᠯᠠᠭᠠᠨᠬᠠᠳᠠ︾ ᠪᠠᠷ ᠭᠤᠤᠯ ᠰᠡᠳᠦᠪ ᠪᠣᠯᠭᠠᠭᠰᠠᠨ 2024 ᠣᠨ ᠤ ᠲᠠᠸᠠᠷ ᠤᠨ ᠬᠡᠷ | ᠪᠠᠶᠢᠰᠢᠩ᠂ ᠭᠡᠷ ᠤᠨ ᠬᠡᠷᠡᠭᠰᠡᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠴᠤᠭᠯᠠᠭᠠᠨ ᠢ ᠡᠷᠬᠢᠯᠡᠬᠦ ᠪᠠᠷ ᠲᠣᠭᠲᠠᠭᠰᠠᠨ ᠢ ᠨᠡᠶᠢᠲᠡᠯᠡᠪᠡ᠃ | ᠲᠣᠰ ᠤᠳᠠᠭᠠᠨ ᠤ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠭᠤᠤᠯ ᠬᠤᠲᠠ ᠲᠣᠭᠤᠷᠢᠭ ᠤᠨ ᠬᠤᠷᠠᠯ ᠤᠨ ᠲᠠᠯᠠᠪᠠᠶ ᠶᠢ ᠰᠢᠨ᠎ᠡ ᠬᠤᠲᠠ ᠲᠣᠭᠤᠷᠢᠭ ᠤᠨ | ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠲᠣᠬᠢᠷᠠᠭᠤᠯᠵᠤ᠂ ᠪᠤᠰᠤᠳ ᠬᠤᠰᠢᠭᠤ ᠰᠢᠶᠠᠨ ᠲᠣᠭᠤᠷᠢᠭ ᠤᠨ ᠠᠷᠠᠯᠵᠢᠶᠠᠨ ᠤ ᠴᠤᠭᠯᠠᠭᠠᠨ ᠢ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠭᠠᠵᠠᠷ ᠣᠷᠣᠨ ᠨᠢ ᠲᠣᠰ ᠲᠣᠰ ᠤᠨ ᠪᠣᠳᠠᠲᠤ ᠪᠠᠶᠢᠳᠠᠯ ᠢᠶᠠᠨ | ᠦᠨᠳᠦᠰᠦᠯᠡᠨ ᠥᠪᠡᠰᠦᠪᠡᠨ ᠳᠣᠭᠢᠷᠠᠭᠤᠯᠤᠨ᠎ᠠ᠃ | ᠤᠯᠠᠭᠠᠨᠬᠠᠳᠠ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠲᠣᠰ ᠤᠳᠠᠭᠠᠨ ᠤ ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠬᠤᠰᠢᠭᠤ ᠰᠢᠶᠠᠨ | ᠲᠣᠭᠤᠷᠢᠭ ᠤᠨ ᠨᠢᠭᠡᠨᠲᠡ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠳᠠᠬᠢ ᠨᠥᠬᠦᠴᠡᠯ ᠳᠤ ᠨᠡᠶᠢᠴᠡᠬᠦ ᠬᠤᠳᠠᠯᠳᠤᠵᠦ ᠪᠣᠯᠬᠤ ᠮᠥᠷᠲᠡᠭᠡᠨ ᠬᠡᠷ ᠪᠠᠶᠢᠰᠢᠩ ᠤᠨ ᠢᠷᠡᠯᠳᠡ ᠶᠢ ᠠᠩᠬ᠎ᠠ | ᠤᠳᠠᠭ᠎ᠠ ᠰᠦᠯᠵᠢᠶᠡᠨ ᠳᠡᠭᠡᠷ᠎ᠡ ᠳᠠᠩᠰᠠᠯᠠᠭᠤᠯᠵᠤ ᠪᠣᠯᠤᠨ᠎ᠠ᠃ ᠭᠠᠷ ᠳᠠᠮᠵᠢᠭᠰᠠᠨ ᠬᠡᠷ ᠪᠠᠶᠢᠰᠢᠩ ᠤᠨ ᠠᠷᠠᠯᠵᠢᠶᠠᠨ ᠤ ᠨᠥᠬᠦᠴᠡᠯ ᠳᠤ ᠨᠡᠶᠢᠴᠡᠬᠦ ᠲᠠᠸᠠᠷ ᠤᠨ ᠬᠡᠷ | ᠪᠠᠶᠢᠰᠢᠩ ᠤᠨ ᠢᠷᠡᠯᠳᠡ᠂ ᠤᠯᠠᠭᠠᠨᠬᠠᠳᠠ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠵᠡᠷᠭᠡ ᠨᠢᠭᠡᠴᠡ ᠵᠢᠴᠢ ᠠᠳᠠᠯ ᠠᠬᠤᠶ ᠶᠢᠨ ᠦᠢᠯᠡᠴᠢᠯᠡᠭᠡ᠂ ᠪᠠᠷᠢᠯᠭ᠎ᠠ ᠶᠢᠨ ᠵᠢᠷᠤᠭ | ᠲᠥᠯᠥᠪᠯᠡᠭᠡ᠂ ᠵᠠᠰᠠᠯ ᠴᠢᠮᠡᠭᠯᠡᠯ᠂ ᠵᠠᠭᠤᠴᠢ ᠪᠠᠶᠢᠭᠤᠯᠤᠮᠵᠢ᠂ ᠦᠢᠯᠡᠴᠢᠯᠡᠭᠡ ᠶᠢ ᠣᠷᠣᠯᠠᠨ ᠭᠦᠢᠴᠡᠳᠬᠡᠬᠦ᠂ ᠭᠡᠷ ᠤᠨ ᠬᠡᠷᠡᠭᠰᠡᠯ᠂ ᠬᠡᠷ ᠤᠨ ᠴᠠᠬᠢᠯᠭᠠᠨ ᠬᠡᠷᠡᠭᠰᠡᠯ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠳ ᠴᠦᠮ ᠠᠷᠠᠯᠵᠢᠶᠠᠨ ᠤ | ᠴᠤᠭᠯᠠᠭᠠᠨ ᠳᠤ ᠣᠷᠤᠯᠴᠠᠨ᠎ᠠ᠃ | ᠲᠣᠰ ᠤᠳᠠᠭᠠᠨ ᠤ ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠬᠡᠷ ᠪᠠᠶᠢᠰᠢᠩ ᠬᠤᠳᠠᠯᠳᠤᠨ ᠠᠪᠬᠤ | ᠨᠥᠬᠦᠪᠥᠷᠢ᠂ ᠠᠵᠤ ᠠᠬᠤᠶᠢᠯᠠᠯ ᠤᠨ ᠬᠠᠷᠠᠭᠠᠯᠵᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ᠂ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ | ᠳᠥᠷᠪᠡᠨ ᠲᠠᠯ᠎ᠠ ᠶᠢ ᠪᠠᠭᠲᠠᠭᠠᠨ᠎ᠠ᠃ | ᠭᠡᠷ ᠬᠤᠳᠠᠯᠳᠤᠨ ᠠᠪᠬᠤ ᠨᠥᠬᠦᠪᠥᠷᠢ ᠶᠢᠨ ᠲᠠᠯ᠎ᠠ ᠪᠠᠷ᠄ | ᠭᠤᠣᠯ ᠬᠤᠲᠠ ᠲᠣᠭᠤᠷᠢᠭ ︵ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠬᠠᠷᠠᠴᠢᠨ ᠬᠤᠰᠢᠭᠤ ᠪᠣᠯᠤᠨ ᠾᠧ ᠮᠧᠢ ᠬᠦᠷᠢᠶᠡᠯᠡᠩ ᠲᠣᠭᠤᠷᠢᠭ︶ ᠲᠤ | ᠨᠥᠬᠦᠴᠡᠯ ᠳᠤ ᠨᠡᠶᠢᠴᠡᠭᠰᠡᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠬᠤ ᠳᠤ ᠭᠡᠷ ᠪᠠᠶᠢᠰᠢᠩ ᠬᠤᠳᠠᠯᠳᠤᠨ ᠠᠪᠬᠤ | ᠨᠥᠬᠦᠪᠥᠷᠢ ᠣᠯᠭᠤᠨ᠎ᠠ᠃ ᠬᠤᠳᠠᠯᠳᠤᠨ ᠠᠪᠤᠭᠰᠠᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠲᠠᠯᠠᠪᠠᠶ ᠨᠢ 100 ᠲᠡᠭᠰᠢ ᠳᠥᠷᠪᠡᠯᠵᠢᠨ | ᠮᠧᠲᠷ ᠲᠤ ᠬᠦᠷᠬᠦ ᠦᠭᠡᠢ ᠪᠠᠶᠢᠪᠠᠯ᠂ 1.5 ᠲᠦᠮᠡᠨ ᠲᠥᠭᠦᠷᠢᠭ ᠨᠥᠬᠦᠪᠥᠷᠢᠯᠡᠨ᠎ᠡ᠃ 100 ᠲᠡᠭᠰᠢ ᠳᠥᠷᠪᠡᠯᠵᠢᠨ ᠮᠧᠲᠷ ᠠᠴᠠ 150 ᠲᠡᠭᠰᠢ ᠳᠥᠷᠪᠡᠯᠵᠢᠨ | ᠮᠧᠲᠷ ᠪᠠᠶᠢᠪᠠᠯ᠂ 2 ᠲᠦᠮᠡᠨ ᠲᠥᠭᠦᠷᠢᠭ ᠨᠥᠬᠦᠪᠥᠷᠢᠯᠡᠨ᠎ᠡ᠃ 150 ᠲᠡᠭᠰᠢ ᠳᠥᠷᠪᠡᠯᠵᠢᠨ ᠮᠧᠲᠷ ᠢ ᠳᠠᠪᠠᠭᠰᠠᠨ ᠪᠠᠶᠢᠪᠠᠯ᠂ 2.5 ᠲᠦᠮᠡᠨ ᠲᠥᠭᠦᠷᠢᠭ | ᠨᠥᠬᠦᠪᠥᠷᠢᠯᠡᠨ᠎ᠡ᠃ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠳᠤᠮᠳᠠ ᠲᠤᠰᠢᠶᠠᠭᠰᠠᠨ ᠭᠡᠷ᠎ᠡ ᠶᠢᠨ ᠭᠠᠶᠢᠯᠢ ᠨᠢ ᠭᠡᠷ ᠬᠤᠳᠠᠯᠳᠤᠨ ᠠᠪᠤᠭᠴᠢ | ᠤᠷᠢᠳᠠᠪᠠᠷ ᠲᠤᠰᠢᠶᠠᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠭᠡᠷ ᠬᠤᠳᠠᠯᠳᠤᠨ ᠠᠪᠤᠭᠴᠢ ᠳᠤ 100% ᠶᠢᠨ | ᠬᠠᠷᠢᠴᠠᠯ ᠢᠶᠠᠷ ᠨᠥᠬᠦᠪᠥᠷᠢ ᠥᠭᠭᠦᠨ᠎ᠡ᠃ ᠲᠥᠪ ᠬᠤᠲᠠ ᠲᠣᠭᠤᠷᠢᠭ ᠲᠤ ᠨᠥᠬᠦᠴᠡᠯ ᠳᠤ ᠨᠡᠶᠢᠴᠡᠬᠦ ᠬᠤᠳᠠᠯᠳᠤᠭᠠᠨ ᠤ ᠲᠥᠷᠥᠯ ᠤᠨ ᠭᠡᠷ ᠪᠠᠶᠢᠰᠢᠩ ᠬᠤᠳᠠᠯᠳᠤᠨ | ᠠᠪᠬᠤ ᠭᠡᠷ᠎ᠡ ᠶᠢᠨ ᠭᠠᠶᠢᠯᠢ ᠶᠢ ᠭᠡᠷ ᠪᠠᠶᠢᠰᠢᠩ ᠬᠤᠳᠠᠯᠳᠤᠨ ᠠᠪᠤᠭᠴᠢ ᠤᠷᠢᠳᠠᠪᠠᠷ ᠲᠤᠰᠢᠶᠠᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ 50% ᠶᠢᠨ ᠬᠠᠷᠢᠴᠠᠯ ᠢᠶᠠᠷ ᠭᠡᠷ ᠪᠠᠶᠢᠰᠢᠩ ᠬᠤᠳᠠᠯᠳᠤᠨ ᠠᠪᠤᠭᠴᠢ ᠳᠤ ᠨᠥᠬᠦᠪᠥᠷᠢ ᠥᠭᠭᠦᠨ᠎ᠡ᠃ | ᠠᠵᠤ ᠠᠬᠤᠶᠢᠯᠠᠯ ᠤᠨ ᠬᠠᠷᠠᠭᠠᠯᠵᠠᠯ ᠤᠨ ᠲᠠᠯ᠎ᠠ ᠪᠠᠷ᠄ | ᠦᠵᠡᠰᠬᠦᠯᠡᠩ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠶᠢᠨ ᠰᠠᠭᠤᠷᠢᠨ ᠳᠡᠭᠡᠷ᠎ᠡ᠂ ᠬᠠᠮᠤᠭ ᠤᠨ | ᠬᠠᠷᠠᠭᠠᠯᠵᠠᠯ ᠲᠠᠢ᠂ ᠬᠠᠮᠤᠭ ᠤᠨ ᠳᠣᠲᠣᠨᠣ ᠦᠨ᠎ᠡ ᠬᠠᠩᠰᠢ ᠪᠠᠷ ᠪᠣᠷᠣᠯᠠᠭᠤᠯᠵᠤ᠂ ᠠᠳᠠᠯᠢ ᠪᠤᠰᠤ ᠬᠡᠮᠵᠢᠶ᠎ᠡ ᠪᠠ ᠬᠡᠯᠪᠡᠷᠢ ᠶᠢᠨ ᠬᠠᠷᠠᠭᠠᠯᠵᠠᠯ ᠢ ᠳᠠᠪᠬᠤᠴᠠᠭᠤᠯᠵᠤ | ᠪᠣᠯᠤᠨ᠎ᠠ᠂ ᠡᠭᠦᠨ ᠳᠤ ᠣᠨᠴᠠ ᠬᠠᠩᠰᠢ ᠂ ᠨᠤᠭᠤᠯᠪᠤᠷᠢ ᠲᠠᠢ ᠲᠠᠸᠠᠷ ᠤᠨ ᠬᠡᠷ ᠪᠠᠶᠢᠰᠢᠩ ᠤᠨ ᠣᠷᠣᠨ ᠰᠠᠭᠤᠴᠠ᠂ ᠠᠳᠠᠯ ᠠᠬᠤᠶ ᠶᠢᠨ ᠵᠠᠷᠤᠳᠠᠯ ᠢ ᠬᠦᠷᠭᠡᠬᠦ ᠪᠤᠶᠤ | ᠬᠠᠷᠠᠭᠠᠯᠵᠠᠯ ᠦᠵᠡᠭᠦᠯᠬᠦ᠂ ᠭᠠᠵᠠᠷ ᠳᠣᠤᠷᠠᠬᠢ ᠦᠢᠯᠡᠳᠬᠦᠨ ᠢ ᠪᠡᠯᠡᠭᠯᠡᠨ ᠬᠦᠷᠭᠡᠬᠦ᠂ ᠵᠠᠰᠠᠵᠤ ᠴᠢᠮᠡᠭᠯᠡᠬᠦ ᠬᠠᠷᠠᠭᠠᠯᠵᠠᠯ ᠦᠵᠡᠭᠦᠯᠬᠦ᠂ ᠬᠡᠷ ᠤᠨ ᠴᠠᠬᠢᠯᠭᠠᠨ ᠬᠡᠷᠡᠭᠰᠡᠯ | ᠬᠦᠷᠭᠡᠬᠦ ᠵᠡᠷᠭᠡ ᠪᠠᠭᠲᠠᠨ᠎ᠠ᠃ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ ᠶᠢᠨ ᠲᠠᠯ᠎ᠠ ᠪᠠᠷ᠄ | 1᠂ ᠭᠡᠷ ᠪᠠᠶᠢᠰᠢᠩ ᠬᠤᠳᠠᠯᠳᠤᠨ ᠠᠪᠤᠭᠴᠢ ᠣᠷᠣᠨ ᠰᠠᠭᠤᠴᠠ ᠶᠢᠨ ᠨᠡᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠳᠠᠩᠰᠠᠯᠠᠭᠤᠯᠤᠭᠰᠠᠨ ᠰᠢᠨ᠎ᠡ ᠪᠠᠷ | ᠪᠠᠢᠭᠤᠯᠤᠭᠰᠠᠨ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠠᠭᠠᠨ ᠣᠷᠣᠨ ᠰᠠᠭᠤᠴᠠ ᠶᠢᠨ ᠨᠡᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠬᠤᠳᠠᠯᠳᠤᠨ | ᠠᠪᠬᠤ ᠨᠥᠬᠦᠴᠡᠯ ᠳᠤ ᠨᠡᠢᠴᠡᠭᠰᠡᠨ ᠪᠠᠢᠪᠠᠯ᠂ ᠬᠤᠪᠢ ᠬᠥᠮᠦᠨ ᠪᠠ ᠲᠥᠷᠥᠯ ᠰᠠᠳᠤᠨ ᠤ ᠣᠷᠣᠨ ᠰᠠᠭᠤᠴᠠ ᠶᠢᠨ ᠨᠡᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠳᠠᠩᠰᠠ ᠶᠢᠨ ᠦᠯᠡᠳᠡᠪᠦᠷᠢ ᠲᠤᠭ᠎ᠠ ᠶᠢ ᠭᠠᠷᠭᠠᠨ ᠠᠪᠬᠤ ᠪᠠᠷ ᠱᠢᠭᠤᠳ ᠭᠤᠶᠤᠴᠢᠯᠠᠵᠤ ᠪᠣᠯᠤᠨ᠎ᠠ᠃ | 2. ᠭᠡᠷ ᠪᠠᠶᠢᠰᠢᠩ ᠬᠤᠳᠠᠯᠳᠤᠨ ᠠᠪᠤᠭᠴᠢ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠠᠭᠠᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢᠨ ᠨᠦᠬᠦᠴᠡᠯ ᠳᠤ ᠨᠡᠶᠢᠴᠡᠭᠰᠡᠨ ᠪᠣᠯ᠂ ᠬᠤᠪᠢ ᠬᠦᠮᠦᠨ ᠤ ᠭᠤᠶᠤᠴᠢᠯᠠᠭᠰᠠᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠨᠢ ᠭᠡᠷ ᠪᠠᠶᠢᠰᠢᠩ ᠬᠤᠳᠠᠯᠳᠤᠨ ᠠᠪᠬᠤ ᠳᠤ ᠬᠦᠷᠦᠯᠴᠡᠬᠦ ᠦᠭᠡᠢ ᠪᠠᠶᠢᠪᠠᠯ᠂ ᠪᠠᠩᠭᠢ ᠠᠴᠠ | ᠬᠤᠳᠠᠯᠳᠤᠭᠠᠨ ᠤ ᠴᠢᠨᠠᠷᠲᠠᠢ ᠵᠢᠭᠡᠯᠡᠯᠭᠡ ᠭᠤᠶᠤᠴᠢᠯᠠᠵᠤ᠂ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ + ᠬᠤᠳᠠᠯᠳᠤᠭ᠎ᠠ︾ ᠶᠢᠨ | ᠨᠡᠶᠢᠯᠡᠮᠡᠯ ᠵᠢᠭᠡᠯᠡᠯᠭᠡ ᠶᠢ ᠭᠦᠢᠴᠡᠳᠭᠡᠵᠦ ᠪᠣᠯᠣᠨ᠎ᠠ᠃ | 3. ᠬᠤᠳᠠᠯᠳᠤᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠨ ᠪᠣᠴᠠᠭᠠᠵᠤ ᠳᠠᠭᠤᠰᠤᠭᠠᠳᠤᠢ ᠭᠡᠷ ᠪᠠᠶᠢᠰᠢᠩ ᠢ | ᠬᠤᠳᠠᠯᠳᠤᠬᠤ ᠳᠠᠭᠠᠨ᠂ ᠭᠡᠷ ᠪᠠᠶᠢᠰᠢᠩ ᠬᠤᠳᠠᠯᠳᠤᠨ ᠠᠪᠤᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠡᠷᠡᠭᠯᠡᠨ | ᠲᠤᠰ ᠭᠡᠷ ᠪᠠᠶᠢᠰᠢᠩ ᠢ ᠬᠤᠳᠠᠯᠳᠤᠨ ᠠᠪᠤᠪᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ | ᠨᠡᠶᠢᠴᠡᠭᠰᠡᠨ ᠪᠠᠶᠢᠪᠠᠯ᠂ ︽ᠵᠢᠭᠡᠯᠡᠯᠭᠡ ᠳᠠᠭᠠᠭᠤᠯᠤᠨ ᠨᠡᠷ᠎ᠡ ᠰᠢᠯᠵᠢᠭᠦᠯᠬᠦ︾ ᠶᠢ ᠳᠡᠮᠵᠢᠨ᠎ᠡ᠃ | 4. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠲᠤᠭ᠎ᠠ ᠶᠢᠨ ᠳᠡᠭᠡᠷ᠎ᠡ | ᠬᠢᠵᠠᠭᠠᠷ ᠢ 100 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ | 5. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠣᠯᠠᠨ ᠬᠡᠤᠬᠡᠳ ᠠᠪᠤᠭᠰᠠᠨ ᠭᠡᠷ ᠪᠦᠯᠢ | ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢ ᠭᠤᠶᠤᠴᠢᠯᠠᠬᠤ ᠦᠶ᠎ᠡ ᠳᠤ ᠵᠢᠭᠡᠯᠡᠯᠭᠡ ᠠᠪᠴᠤ ᠪᠣᠯᠬᠤ ᠬᠠᠮᠤᠭ ᠤᠨ | ᠶᠡᠭᠡ ᠲᠣᠭᠠᠨ ᠤ ᠰᠠᠭᠤᠷᠢᠨ ᠳᠡᠭᠡᠷ᠎ᠡ 10 ᠲᠦᠮᠡ ᠠᠴᠠ 30 ᠲᠦᠮᠡᠨ ᠲᠥᠭᠦᠷᠢᠭ ᠪᠣᠯᠭᠠᠵᠤ ᠥᠰᠭᠡᠨ᠎ᠡ᠃ | 6. ᠲᠤᠰᠬᠠᠶ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠭᠠᠷᠭᠠᠵᠤ᠂ ᠨᠥᠬᠦᠴᠡᠯ ᠳᠤ ᠨᠡᠶᠢᠴᠡᠬᠦ ᠭᠡᠷ ᠬᠤᠳᠠᠯᠳᠤᠨ ᠠᠪᠤᠭᠴᠢ ᠳᠤᠮᠳᠠᠳᠤ ᠤᠯᠤᠰ ᠤᠨ ᠪᠠᠩᠬᠢ᠂ | ᠲᠠᠷᠢᠶᠠᠯᠠᠩ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠵᠠᠮ ᠬᠠᠷᠢᠯᠴᠠᠭᠠᠨ ᠤ ᠪᠠᠩᠬᠢ ᠳᠤ ᠬᠦᠷᠴᠦ ᠲᠤᠰᠬᠠᠶ ᠬᠡᠷᠡᠭᠯᠡᠭᠡᠨ ᠤ ᠢᠲᠡᠭᠡᠮᠵᠢᠲᠦ | ᠵᠢᠭᠡᠯᠡᠯᠭᠡ ᠶᠢ ᠣᠷᠣᠨ ᠰᠠᠭᠤᠴᠠ ᠶᠢᠨ ᠵᠠᠰᠠᠯ ᠴᠢᠮᠡᠭᠯᠡᠯ ᠳᠤ ᠬᠡᠷᠡᠭᠯᠡᠵᠦ ᠪᠣᠯᠤᠨ᠎ᠠ᠃ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ᠄ | ᠤᠯᠠᠭᠠᠨᠬᠠᠳᠠ ᠬᠤᠲᠠ ᠶᠢᠨ ᠣᠷᠣᠨ ᠪᠦᠰᠡ ᠶᠢᠨ ᠳᠣᠲᠣᠷ᠎ᠠ ᠠᠩᠬᠠᠳᠠᠭᠴᠢ ᠢᠵᠢ ᠣᠷᠣᠨ ᠰᠠᠭᠤᠴᠠ ᠪᠠ ᠬᠤᠶᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ | ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠣᠷ᠎ᠠ ᠬᠢᠵᠠᠭᠠᠷ ᠢ ᠬᠦᠴᠦᠨ ᠦᠭᠡᠢ | ᠪᠣᠯᠭᠠᠪᠠ᠃ ᠠᠩᠬᠠᠨ ᠤ ᠭᠡᠷ ᠪᠠᠶᠢᠰᠢᠩ ᠤᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ | ᠲᠤᠰᠢᠶᠠᠬᠤ ᠬᠠᠷᠢᠴᠠᠯ ᠢ 15% ᠠᠴᠠ ᠳᠣᠣᠷ᠎ᠠ ᠪᠠᠶᠢᠯᠭᠠᠬᠤ ᠦᠭᠡᠢ ᠪᠣᠯᠭᠠᠨ ᠲᠣᠬᠢᠷᠠᠭᠤᠯᠵᠤ᠂ ᠬᠤᠶᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠳᠣᠣᠷ᠎ᠠ ᠠᠩᠬ᠎ᠠ ᠲᠤᠰᠢᠶᠠᠬᠤ ᠬᠠᠷᠢᠴᠠᠯ ᠢ 25% ᠠᠴᠠ ᠳᠣᠣᠷ᠎ᠠ ᠪᠠᠶᠢᠯᠭᠠᠬᠤ ᠦᠭᠡᠢ ᠪᠣᠯᠭᠠᠨ | ᠲᠣᠬᠢᠷᠠᠭᠤᠯᠪᠠ᠃ | ᠪᠤᠰᠤᠳ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠨᠢ ᠲᠠᠷᠠᠭᠠᠴᠢ ᠶᠢᠨ ᠨᠡᠶᠢᠲᠡᠯᠡᠭᠰᠡᠨ ︽2024 ᠣᠨ ᠤ ᠤᠯᠠᠭᠠᠨᠬᠠᠳᠠ ᠬᠤᠲᠠ ᠶᠢᠨ ᠲᠠᠸᠠᠷ ᠤᠨ | ᠬᠡᠷ ᠪᠠᠶᠢᠰᠢᠩ᠂ ᠬᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠴᠤᠭᠯᠠᠭᠠᠨ ᠤ ᠬᠡᠷᠡᠭᠵᠢᠭᠦᠯᠬᠦ ᠲᠥᠰᠦᠯ︾ ᠢ ᠣᠯᠠᠨ ᠢᠶᠠᠷ ᠢᠶᠠᠨ ᠠᠩᠬᠠᠷᠤᠭᠠᠷᠠᠢ᠃ | | |