ᠤᠯᠠᠭᠠᠨᠬᠠᠳᠠ ᠶᠠᠩᠬᠠᠯᠠᠬᠤ ᠶᠢ ᠴᠠᠭᠠᠵᠠᠯᠠᠭᠰᠠᠨ  ᠲᠡᠦᠬᠡ ︵ᠨᠢᠭᠡ︶
ᠨᠡᠶᠢᠲᠡᠯᠡᠭᠰᠡᠨ ᠴᠠᠭ᠄
2024/6/27
    ᠢᠷᠭᠡᠨ ᠤᠯᠤᠰ ᠤᠨ ᠦᠶ᠎ᠡ ᠳᠤ ᠤᠯᠠᠭᠠᠨᠬᠠᠳᠠ᠂ ᠪᠣᠷᠣᠬᠤᠲᠠ᠂ ᠪᠢᠷᠠᠭᠤ᠂ ᠯᠢᠨᠰᠢ᠂ ᠯᠢᠨᠳᠦ᠋ᠩ᠂ ᠴᠢᠪᠠᠭ᠎ᠠ ᠵᠡᠷᠭᠡ ᠬᠤᠲᠠ ᠪᠠᠯᠭᠠᠰᠤᠨ ᠳᠤ ᠴᠦᠮ ᠶᠠᠩᠬᠠᠨ ᠤ ᠬᠦᠷᠢᠶᠡᠯᠡᠩ ᠪᠠᠶᠢᠵᠠᠢ᠃    1933 ᠣᠨ ︵ᠬᠠᠭᠤᠷᠮᠠᠭ ᠮᠠᠨᠵᠤ ᠶᠢᠨ ᠳ᠋ᠠ ᠲᠦᠩ ᠤᠨ 2 ᠣᠨ︶ ᠤ 3 ᠰᠠᠷ᠎ᠠ ᠳᠤ ᠶᠠᠫᠣᠨ ᠴᠡᠷᠢᠭ ᠤᠯᠠᠭᠠᠨᠬᠠᠳᠠ ᠶᠢ ᠡᠵᠡᠯᠡᠭᠰᠡᠨ ᠠᠴᠠ ᠰᠡᠭᠦᠯᠡᠷ ᠶᠠᠩᠬᠠᠯᠠᠬᠤ ᠶᠢ ᠳᠤᠷ᠎ᠠ ᠪᠠᠷ ᠨᠢ ᠲᠠᠯᠪᠢᠬᠤ ᠲᠦᠷᠤ ᠶᠢᠨ ᠪᠣᠳᠤᠯᠭ᠎ᠠ ᠶᠢ ᠠᠪᠴᠦ᠂ ᠮᠡᠳᠡᠭᠦᠯᠵᠦ ᠳᠠᠩᠰᠠᠯᠠᠭᠤᠯᠣᠨ ᠲᠣᠭᠲᠠᠭᠰᠠᠨ ᠴᠠᠭ ᠲᠤ ᠭᠠᠶᠢᠯᠢ ᠲᠤᠰᠢᠶᠠᠳᠠᠭ ᠯᠠ ᠶᠤᠮ ᠪᠣᠯ ᠶᠠᠩᠬᠠᠨ ᠤ ᠬᠦᠷᠢᠶᠡᠯᠡᠩ ᠨᠡᠭᠡᠭᠡᠵᠦ ᠪᠣᠯᠳᠠᠭ ᠪᠠᠶᠢᠵᠠᠢ᠃ ᠯᠢᠨᠰᠢ᠂ ᠯᠢᠨᠳᠦ᠋ᠩ᠂ ᠪᠢᠷᠠᠭᠤ᠂ ᠪᠣᠷᠣᠬᠤᠳᠠ ᠪᠠᠯᠭᠠᠰᠤᠨ ᠳᠤ ᠴᠦᠮ ᠶᠠᠩᠬᠠᠨ ᠤ ᠬᠦᠷᠢᠶᠠᠯᠠᠩ ᠲᠠᠢ ᠪᠠᠶᠢᠪᠠ᠃ ᠵᠦᠪᠬᠡᠨ ᠤᠯᠠᠭᠠᠨᠬᠠᠳᠠ ᠶᠢᠨ ᠵᠡᠭᠡᠯᠢ ᠳᠤ ︽ᠳ᠋ᠧᠩᠯᠦ ᠡᠯᠭᠦᠭᠰᠡᠨ︾ ᠶᠠᠩᠬᠠᠨ ᠤ ᠭᠠᠵᠠᠷ 17 ᠪᠠᠶᠢᠵᠤ᠂ ᠤᠯᠠᠭᠠᠨᠬᠠᠳᠠ ᠵᠡᠭᠡᠯᠢ ᠶᠢᠨ ᠳ᠋ᠦᠩ ᠨᠠᠠ ᠭᠤᠸᠠᠨ᠂ ᠲᠠᠪᠤᠲᠤᠭᠠᠷ ᠵᠡᠭᠡᠯᠢ ᠶᠢᠨ ᠦᠵᠦᠭᠦᠷ ᠤᠨ ᠡᠯᠵᠢᠭᠡ ᠠᠷᠠᠯᠵᠢᠶᠠᠯᠠᠬᠤ ᠵᠠᠬ᠎ᠠ᠂ ᠬᠤᠶᠠᠲᠤᠭᠠᠷ ᠵᠡᠭᠡᠯᠢ ᠶᠢᠨ ᠭᠤᠸᠠᠩ ᠢ ᠭᠤᠳᠣᠮᠵᠢ᠂ ᠨᠢᠭᠡᠲᠦᠭᠡᠷ ᠵᠡᠭᠡᠯᠢ ᠶᠢᠨ ︽ᠬᠠᠶᠠᠭᠳᠠᠮᠠᠯ ᠤᠰᠤᠨ ᠰᠣᠪᠠᠭ︾ ᠵᠡᠷᠭᠡ ᠭᠠᠵᠠᠷ ᠢᠶᠠᠷ ᠲᠠᠷᠬᠠᠵᠤ ᠪᠠᠶᠢᠵᠠᠢ᠃ ᠪᠠᠰᠠ ᠠᠷᠪᠠᠭᠠᠳ ᠡᠷᠦᠬᠡ ᠳᠠᠯᠳᠠ ᠶᠠᠩᠬᠠᠨ ᠪᠠᠶᠢᠵᠤ᠂ ᠬᠦᠮᠦᠨ ᠤ ᠲᠤᠭ᠎ᠠ ᠨᠢ 1 345 ᠬᠥᠮᠥᠨ ᠪᠠᠶᠢᠪᠠ᠃ ᠡᠭᠦᠨ ᠤ ᠵᠡᠷᠭᠡᠴᠡᠭᠡ ᠪᠠᠷ᠂ ᠵᠡᠭᠡᠯᠢ ᠶᠢᠨ ᠳᠣᠲᠤᠭᠠᠳᠤ ᠳᠤ ᠪᠠᠰᠠ ︽ᠬᠤᠩ ᠹᠠ ᠲᠠᠩ︾᠂ ︽ᠬᠤᠩ ᠯᠤ᠋ ᠲᠠᠩ︾᠂ ︽ᠪᠠ ᠴᠢᠶᠠᠨ ᠳ᠋ᠠᠢ︾ ᠬᠡᠮᠡᠬᠦ 3 ᠰᠠᠭᠤᠷᠢ ᠶᠠᠫᠣᠨ ᠤ ᠶᠠᠩᠬᠠᠨ ᠤ ᠬᠦᠷᠢᠶᠠᠯᠠᠩ ᠪᠣᠯᠣᠨ ᠰᠣᠯᠣᠩᠭᠤᠰ ᠶᠠᠩᠬᠠᠨ ᠤ ᠨᠡᠭᠡᠭᠡᠭᠰᠡᠨ ᠬᠦᠷᠢᠶᠠᠯᠠᠩ ᠪᠠᠶᠢᠵᠤ᠂ ᠶᠠᠫᠣᠨ ᠴᠡᠷᠢᠭ ᠤᠨ ᠳᠠᠷᠤᠭ᠎ᠠ ᠪᠠᠶᠢᠯᠳᠤᠭᠴᠢ ᠳᠤ ᠦᠢᠯᠡᠴᠢᠯᠡᠵᠦ ᠪᠠᠶᠢᠪᠠ᠃ᠴᠢᠯᠦᠭᠡᠯᠡᠭᠳᠡᠭᠰᠡᠨ ᠤ ᠳᠠᠷᠠᠭ᠎ᠠ᠂ ᠲᠤᠰ ᠬᠤᠲᠠ ᠨᠢ ᠶᠠᠩᠬᠠᠯᠠᠬᠤ ᠶᠢ ᠴᠠᠭᠠᠵᠠᠯᠠᠬᠤ ᠵᠠᠷᠯᠠᠯ ᠨᠡᠶᠢᠲᠡᠯᠡᠵᠦ᠂ ᠶᠠᠩᠬᠠᠨ ᠤ ᠬᠦᠷᠢᠶᠠᠯᠠᠩ ᠢ ᠪᠢᠲᠡᠭᠦᠮᠵᠢᠯᠡᠪᠡ᠃ 1947 ᠣᠨ ᠤ 8 ᠰᠠᠷ᠎ᠠ ᠳᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠠᠴᠠ ︽ᠶᠠᠩᠬᠠᠨ ᠤ ᠬᠦᠷᠢᠶᠠᠯᠠᠩ ᠢ ᠬᠠᠭᠠᠵᠤ᠂ ᠶᠠᠩᠬᠠᠨ ᠢ ᠴᠢᠯᠦᠭᠡᠯᠡᠨ᠂ ᠶᠠᠩᠬᠠᠯᠠᠬᠤ ᠶᠢ ᠴᠠᠭᠠᠵᠠᠯᠠᠬᠤ ᠲᠣᠭᠲᠠᠭᠠᠯ︾ ᠢ ᠨᠡᠶᠢᠲᠡᠯᠡᠭᠰᠡᠨ ᠠᠴᠠ ᠰᠡᠭᠦᠯᠡᠷ᠂ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠨᠢ ᠶᠠᠩᠬᠠᠨ ᠤ ᠬᠦᠷᠢᠶᠠᠯᠠᠩ ᠤᠨ ︽ᠲᠦᠷᠦᠭᠦᠦ︾ ᠶᠢ ᠴᠢᠩᠭ᠎ᠠ ᠰᠢᠢᠳᠬᠡᠵᠦ᠂ ᠶᠠᠩᠬᠠᠨ ᠤ ᠠᠵᠢᠯ ᠬᠢᠭᠰᠡᠳ ᠢ ᠰᠣᠷᠭᠠᠨ ᠬᠦᠮᠦᠵᠢᠭᠦᠯᠦᠨ ᠲᠦᠪᠬᠢᠨᠡᠭᠦᠯᠬᠦ ᠪᠠᠷ ᠳᠠᠮᠵᠢᠵᠤ᠂ ᠳᠡᠲᠡᠨ ᠢ ᠠᠶᠢᠯ ᠡᠷᠦᠬᠡ ᠪᠣᠯᠵᠤ ᠠᠮᠤᠷ ᠰᠠᠶᠢᠬᠠᠨ ᠠᠮᠢᠳᠤᠷᠠᠬᠤ ᠪᠣᠯᠭᠠᠵᠠᠢ᠃    1949 ᠣᠨ ᠠᠴᠠ ᠰᠡᠭᠦᠯᠡᠷ ᠲᠤᠰ ᠭᠠᠵᠠᠷ ᠣᠷᠣᠨ ᠳᠤ ᠵᠠᠷᠢᠮ ᠨᠢᠭᠤᠴᠠ ᠪᠠᠷ ᠶᠠᠩᠬᠠᠯᠠᠬᠤ ᠠᠵᠢᠯᠯᠠᠭ᠎ᠠ ᠮᠦᠨ ᠦᠷᠬᠦᠯᠵᠢᠯᠡᠭᠰᠡᠭᠡᠷ ᠪᠠᠶᠢᠪᠠ᠂ ᠡᠯ᠎ᠡ ᠱᠠᠲᠤᠨ ᠤ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠴᠢᠩᠭ᠎ᠠ ᠴᠣᠬᠢᠯᠲᠠ ᠥᠭᠬᠦ ᠪᠠ ᠰᠤᠷᠭᠠᠨ ᠬᠦᠮᠦᠵᠢᠭᠦᠯᠦᠨ ᠵᠠᠰᠠᠷᠠᠭᠤᠯᠬᠤ ᠶᠢ ᠤᠶᠠᠯᠳᠤᠭᠤᠯᠬᠤ ᠠᠷᠭ᠎ᠠ ᠪᠠᠷ ᠪᠠᠶᠢᠴᠠᠭᠠᠨ ᠴᠠᠭᠠᠵᠠᠯᠠᠬᠤ ᠠᠵᠢᠯ ᠢ ᠥᠷᠨᠢᠭᠦᠯᠵᠦ᠂ ᠪᠠᠶᠢᠴᠠᠭᠠᠨ ᠭᠠᠷᠭᠠᠬᠰᠡᠠ ᠪᠣᠯᠭᠠᠨ ᠳᠤ ᠡᠷᠡᠭᠦᠦ ᠰᠢᠢᠳᠬᠡᠯ ᠣᠨᠣᠭᠳᠠᠭᠤᠯᠬᠤ᠂ ᠲᠦᠷ ᠬᠤᠷᠢᠬᠤ᠂ ᠵᠣᠭᠤᠰ ᠢᠶᠠᠷ ᠲᠣᠷᠭᠠᠬᠤ ᠪᠠ ᠰᠢᠭᠦᠮᠵᠢᠯᠠᠨ ᠰᠤᠷᠭᠠᠬᠤ ᠵᠡᠷᠭᠡ ᠰᠢᠢᠳᠬᠡᠯ ᠢ ᠣᠯᠭᠤᠵᠠᠢ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ