ᠦᠶᠡᠷ ᠤᠨ ᠬᠤᠭᠤᠴᠠᠭ᠎ᠠ ᠣᠶᠢᠷᠠᠳᠬᠤ ᠲᠠᠰᠢᠷᠠᠮ ᠳᠤ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ ᠂ 2024 ᠣᠨ ᠳᠤ ᠂ ᠥᠪᠥᠷ | ᠮᠣᠩᠭᠤᠯ ︽ ᠤᠷᠢᠳᠴᠢᠯᠠᠨ ᠮᠡᠳᠡᠭᠡᠯᠡᠬᠦ ᠂ ᠤᠷᠢᠳᠴᠢᠯᠠᠨ | ᠰᠡᠷᠡᠮᠵᠢᠯᠡᠭᠦᠯᠬᠦ ᠂ ᠤᠷᠢᠳᠴᠢᠯᠠᠨ ᠰᠣᠷᠢᠯᠲᠠ ᠬᠢᠬᠦ ᠂ | ᠪᠡᠯᠡᠳᠬᠡᠯ ᠲᠥᠰᠥᠯ ︾ ᠤᠨ ᠠᠷᠭ᠎ᠠ ᠬᠡᠮᠵᠢᠶ᠎ᠡ ᠪᠠᠨ | ᠴᠢᠩᠭᠠᠳᠬᠠᠨ ᠂ ᠦᠶᠡᠷ ᠤᠰᠤᠳᠤᠯ ᠭᠠᠩ ᠬᠠᠭᠰᠠᠷᠠᠭᠠᠨ ᠤ | ᠭᠠᠮᠰᠢᠭ ᠢ ᠰᠡᠷᠭᠡᠶᠢᠯᠡᠬᠦ ᠠᠵᠢᠯ ᠢᠶᠠᠨ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ ᠃ | ᠣᠶᠢᠯᠠᠭᠠᠭᠰᠠᠨ ᠢᠶᠠᠷ ᠂ ᠡᠨᠡ ᠵᠢᠯ ᠮᠠᠨ ᠤ ᠣᠷᠣᠨ ᠳᠤ | ᠰᠢᠷᠦᠭᠦᠨ ᠪᠣᠷᠣᠭᠠᠨ ᠂ ᠭᠠᠩ ᠬᠠᠭᠰᠠᠷᠠᠭᠠᠨ ᠵᠡᠷᠭᠡ ᠣᠨᠴᠠᠭᠠᠶ | ᠴᠠᠭ ᠠᠭᠤᠷ ᠤᠨ ᠪᠠᠶᠢᠳᠠᠯ ᠨᠡᠯᠢᠶᠡᠳ ᠣᠯᠠᠨ ᠪᠠᠶᠢᠵᠤ ᠂ ᠭᠠᠩ | ᠤᠰᠤᠳᠤᠯ ᠤᠨ ᠪᠠᠶᠢᠳᠠᠯ ᠲᠡᠩᠴᠡᠭᠦᠷᠢ ᠦᠭᠡᠢ ᠪᠣᠯᠵᠤ᠂ ᠬᠡᠰᠡᠭ | ᠭᠠᠵᠠᠷ ᠣᠷᠣᠨ ᠳᠤ ᠭᠠᠩ ᠬᠠᠭᠰᠠᠷᠠᠭᠠᠨ ᠪᠠᠶᠢᠭᠰᠠᠨ ᠠᠴᠠ ᠪᠠᠨ | ᠣᠭᠵᠣᠮ ᠦᠶᠡᠷ ᠤᠰᠤᠳᠤᠯ ᠡᠭᠦᠰᠬᠦ ᠪᠣᠯᠣᠮᠵᠢ ᠲᠠᠢ ᠃ ᠬᠥᠯᠥᠨ | ᠪᠤᠶᠢᠷ ᠬᠤᠲᠠ ᠶᠢᠨ ᠵᠡᠭᠦᠨ ᠡᠮᠦᠨ᠎ᠡ ᠬᠡᠰᠡᠭ ᠂ ᠬᠢᠩᠭᠠᠨ | ᠠᠶᠢᠮᠠᠭ ᠂ ᠲᠦᠩᠯᠢᠶᠣᠣ ᠬᠤᠲᠠ ᠂ ᠤᠯᠠᠭᠠᠨᠬᠠᠳᠠ ᠬᠤᠲᠠ ᠶᠢᠨ | ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠡᠩ ᠤᠨ | ᠵᠢᠯ ᠤᠨ ᠬᠢ ᠠᠴᠠ 20% ᠢᠯᠡᠭᠦᠦ ᠪᠠᠶᠢᠵᠤ ᠂ ᠲᠤᠶᠢᠯ ᠤᠨ | ᠰᠢᠷᠦᠭᠦᠨ ᠪᠣᠷᠣᠭᠠᠨ ᠣᠷᠣᠬᠤ ᠪᠣᠯᠣᠮᠵᠢ ᠨᠡᠯᠢᠶᠡᠳ ᠶᠡᠭᠡ | ᠪᠠᠶᠢᠨ᠎ᠠ ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ︽ ᠳᠥᠷᠪᠡᠨ ᠤᠷᠢᠳᠴᠢᠯᠠᠭᠰᠠᠨ︾ ᠠᠷᠭ᠎ᠠ ᠬᠡᠮᠵᠢᠶ᠎ᠡ ᠶᠢ | ᠲᠠᠰᠤᠷᠠᠯᠲᠠ ᠦᠭᠡᠢ ᠴᠢᠩᠭᠠᠳᠬᠠᠨ ᠂ ︽ ᠳᠥᠷᠪᠡᠨ ᠪᠠᠶᠢᠳᠠᠯ ︾ ᠤᠨ | ᠰᠡᠷᠭᠡᠶᠢᠯᠡᠯᠲᠡ ᠶᠢ ᠨᠠᠪᠲᠠᠷᠡᠭᠦᠯᠵᠦ ᠂ ᠭᠤᠯᠳᠤ ᠪᠠᠷ | ᠡᠴᠦᠰ ᠲᠤ ᠨᠢ ᠲᠤᠯᠲᠠᠯ᠎ᠠ ᠬᠢᠬᠦ ᠂ ᠬᠥᠨᠳᠡᠯᠡᠨ ᠢᠶᠠᠷ ᠵᠠᠬ᠎ᠠ | ᠬᠢᠵᠠᠭᠠᠷ ᠲᠤ ᠨᠢ ᠬᠦᠷᠲᠡᠯ᠎ᠡ ᠬᠢᠬᠦ ᠦᠶᠡᠷ ᠤᠰᠤᠳᠤᠯ ᠭᠠᠩ | ᠬᠠᠭᠰᠠᠷᠠᠭᠠᠨ ᠤ ᠭᠠᠮᠰᠢᠭ ᠠᠴᠠ ᠰᠡᠷᠭᠡᠶᠢᠯᠡᠬᠦ | ᠲᠣᠭᠲᠠᠯᠴᠠᠭ᠎ᠠ ᠪᠠᠶᠢᠭᠤᠯᠵᠤ ᠂ ᠠᠶᠤᠯ ᠲᠦᠭᠰᠢᠭᠦᠷᠢ ᠤᠨ ᠨᠢᠭᠡ | ᠵᠢᠷᠤᠭ ᠂ ᠤᠷᠢᠳᠴᠢᠯᠠᠨ ᠰᠡᠷᠡᠮᠵᠢᠯᠡᠭᠦᠯᠬᠦ ᠨᠢᠭᠡ | ᠲᠣᠭᠲᠠᠯᠴᠠᠭ᠎ᠠ ᠂ ᠬᠠᠮᠢᠶᠠᠷᠤᠨ ᠡᠵᠡᠮᠳᠡᠬᠦ ᠨᠢᠭᠡ ᠲᠣᠳᠣᠷᠬᠠᠢ | ᠬᠠᠭᠤᠳᠠᠰᠤ ᠶᠢ ᠪᠠᠶᠢᠭᠤᠯᠵᠤ ᠂ ᠤᠷᠢᠳᠴᠢᠯᠠᠨ ᠮᠡᠳᠡᠭᠡᠯᠡᠬᠦ ᠂ | ᠴᠠᠭ ᠲᠤᠬᠠᠢ ᠳᠤ ᠨᠢ ᠤᠷᠢᠳᠴᠢᠯᠠᠨ ᠰᠡᠷᠡᠮᠵᠢᠯᠡᠭᠦᠯᠬᠦ ᠂ | ᠰᠢᠰᠲ᠋ᠧᠮ ᠲᠠᠢ ᠣᠷᠢᠳᠴᠢᠯᠠᠭᠰᠠᠨ ᠰᠣᠷᠢᠯᠲᠠ ᠬᠢᠬᠦ ᠂ | ᠪᠦᠲᠦᠮᠵᠢᠲᠡᠶ ᠪᠡᠯᠡᠳᠬᠡᠯ ᠲᠥᠰᠥᠯ ᠲᠠᠢ ᠪᠠᠶᠢᠬᠤ ᠢ | ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃ | ᠤᠰᠤᠨ ᠴᠥᠭᠦᠷᠥᠮ ᠤᠨ ᠠᠮᠤᠷ ᠲᠦᠪᠰᠢᠨ ᠨᠢ ᠠᠮᠢ ᠨᠠᠰᠤᠨ ᠤ | ᠠᠮᠤᠷ ᠲᠦᠪᠰᠢᠨ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠂ | ᠤᠰᠤ ᠬᠠᠩᠭᠠᠬᠤ ᠠᠮᠤᠷ ᠲᠦᠪᠰᠢᠨ ᠲᠠᠢ ᠬᠤᠯᠪᠣᠭᠳᠠᠨ᠎ᠠ ᠃ ᠥᠪᠥᠷ | ᠮᠣᠩᠭᠤᠯ ᠨᠤᠷᠠᠬᠤ ᠠᠶᠤᠯ ᠲᠠᠢ ᠤᠰᠤᠨ ᠴᠥᠭᠦᠷᠥᠮ ᠤᠳ ᠤᠨ | ᠠᠶᠤᠯ ᠢ ᠠᠷᠢᠯᠭᠠᠨ ᠪᠠᠬᠢᠵᠢᠭᠦᠯᠬᠦ ᠪᠠᠨ ᠠᠬᠢᠭᠤᠯᠬᠤ ᠂ ᠤᠰᠤᠨ | ᠴᠥᠭᠦᠷᠥᠮ ᠤᠨ ᠪᠠᠭᠲᠠᠭᠠᠮᠵᠢ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠴᠢᠩᠭᠠᠳᠬᠠᠬᠤ ᠂ ᠤᠰᠤᠨ ᠴᠥᠭᠦᠷᠥᠮ ᠤᠨ ᠦᠶᠡᠷ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠲᠣᠬᠢᠷᠠᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠵᠡᠷᠭᠡ 6 | ᠲᠠᠯ᠎ᠠ ᠪᠠᠷ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ | ᠠᠮᠤᠷ ᠲᠦᠪᠰᠢᠨ ᠥᠩᠭᠡᠷᠡᠭᠦᠯᠬᠦ ᠶᠢ ᠲᠣᠪᠣᠶᠢᠮ᠎ᠠ ᠰᠠᠶᠢᠲᠤᠷ | ᠠᠳᠬᠤᠨ᠎ᠠ ᠃ ᠠᠭᠤᠯᠠᠨ ᠦᠶᠡᠷ ᠤᠨ ᠭᠠᠮᠰᠢᠭ ᠪᠣᠯ ᠮᠠᠨ ᠤ ᠣᠷᠣᠨ ᠤ | ᠦᠶᠡᠷ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠮᠥᠨ ᠂ ᠥᠪᠥᠷ | ᠮᠣᠩᠭᠤᠯ ᠠᠭᠤᠯᠠᠨ ᠦᠶᠡᠷ ᠤᠨ ᠭᠠᠮᠰᠢᠭ ᠢ ᠪᠥᠬᠦ | ᠬᠦᠴᠦᠨ ᠢᠶᠠᠷ ᠢᠶᠠᠨ ᠰᠡᠷᠭᠡᠶᠢᠯᠡᠵᠦ ᠂ ᠬᠥᠮᠥᠰ ᠢ ᠨᠡᠭᠦᠯᠭᠡᠨ | ᠠᠶᠤᠯ ᠠᠴᠠ ᠵᠠᠶᠢᠯᠠᠭᠤᠯᠬᠤ ᠪᠠᠨ ᠴᠢᠩᠭᠠᠳᠬᠠᠨ ᠂ ᠪᠠᠭᠤᠷᠠᠢ | ᠭᠤᠭᠴᠤᠭ᠎ᠠ ᠶᠢ ᠨᠢᠭᠲᠠ ᠠᠩᠬᠠᠷᠴᠤ ᠪᠠᠶᠢᠨ᠎ᠠ ᠃ ᠰᠡᠷᠭᠡᠶᠢᠯᠡᠬᠦ | ᠭᠤᠣᠯᠳᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠬᠤ ᠶᠢᠨ | ᠲᠥᠯᠥᠭᠡ ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ | ᠵᠠᠰᠠᠬᠤ ᠣᠷᠣᠨ ᠂ ᠡᠯ᠎ᠡ ᠠᠶᠢᠮᠠᠭ ᠬᠤᠲᠠ ᠴᠥᠮ ᠦᠶᠡᠷ ᠠᠴᠠ | ᠡᠮᠦᠨᠡᠬᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠂ ᠤᠰᠤᠨ | ᠴᠥᠭᠦᠷᠥᠮ ᠤᠨ ᠶᠡᠭᠡ ᠬᠠᠰᠢᠯᠭ᠎ᠠ ᠶᠢᠨ ᠦᠶᠡᠷ ᠵᠠᠯᠠᠬᠤ ᠵᠠᠮ ᠂ | ᠬᠠᠰᠢᠯᠭ᠎ᠠ ᠶᠢᠨ ᠠᠶᠤᠯ ᠲᠠᠢ ᠪᠠᠷᠢᠯᠭ᠎ᠠ ᠶᠢᠨ ᠬᠡᠰᠡᠭ ᠂ | ᠳᠠᠯᠠᠩ ᠨᠡᠪᠲᠡᠯᠬᠦ ᠪᠠᠷᠢᠯᠭ᠎ᠠ ᠂ ᠨᠦᠯᠦᠮᠡᠯ ᠭᠠᠵᠠᠷ ᠤᠨ | ᠬᠠᠰᠢᠯᠭ᠎ᠠ ᠶᠢᠨ ᠤᠰᠤ ᠵᠠᠯᠠᠬᠤ ᠪᠠᠷᠢᠯᠭ᠎ᠠ ᠵᠡᠷᠭᠡ | ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ | ᠪᠠᠷᠢᠯᠭ᠎ᠠ ᠨᠤᠭᠤᠳ ᠢ ᠪᠥᠬᠦ ᠲᠠᠯ᠎ᠠ ᠪᠠᠷ ᠪᠠᠶᠢᠴᠠᠭᠠᠵᠤ ᠂ | ᠭᠠᠮᠰᠢᠭ ᠢ ᠰᠡᠷᠭᠡᠶᠢᠯᠡᠬᠦ ᠪᠠᠷᠢᠯᠭ᠎ᠠ ᠶᠢᠨ ᠰᠠᠭᠤᠷᠢ ᠶᠢ | ᠲᠦᠷᠭᠡᠳᠬᠡᠨ ᠪᠠᠬᠢᠵᠢᠭᠦᠯᠵᠦ ᠂ ᠭᠤᠣᠯ ᠤᠨ ᠬᠡᠪᠡᠯᠢ ᠶᠢᠨ ᠦᠶᠡᠷ | ᠵᠠᠯᠠᠬᠤ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠨ ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢ | ᠵᠠᠰᠠᠨ ᠰᠡᠷᠭᠦᠭᠡᠬᠦ ᠪᠠᠨ ᠴᠢᠩᠭᠠᠳᠬᠠᠵᠤ ᠪᠤᠢ ᠃ | ᠡᠭᠦᠨ ᠤ ᠬᠠᠮᠲᠤ ᠂ ᠪᠣᠷᠣᠭᠠᠨ ᠤ ᠪᠠᠶᠢᠳᠠᠯ ᠂ ᠤᠰᠤᠨ ᠤ | ᠪᠠᠶᠢᠳᠠᠯ ᠂ ᠭᠠᠩ ᠤᠨ ᠪᠠᠶᠢᠳᠠᠯ ᠢ ᠨᠢᠭᠲᠠ ᠬᠢᠨᠠᠨ ᠠᠵᠢᠭᠯᠠᠵᠤ | ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠪᠠᠨ | ᠲᠠᠰᠤᠷᠠᠯᠲᠠ ᠦᠭᠡᠢ ᠳᠡᠭᠡᠭᠰᠢᠯᠡᠭᠦᠯᠦᠨ ᠂ ᠤᠷᠢᠳᠴᠢᠯᠠᠨ | ᠮᠡᠳᠡᠬᠦ ᠬᠤᠭᠤᠴᠠᠭ᠎ᠠ ᠶᠢ ᠣᠷᠳᠣᠣᠬᠠᠵᠤ ᠪᠠᠶᠢᠨ᠎ᠠ ᠃ | ᠪᠠᠶᠢᠭᠠᠯᠢ ᠶᠢᠨ ᠭᠠᠮᠰᠢᠭ ᠢ ᠰᠡᠷᠡᠮᠵᠢᠯᠡᠭᠦᠯᠬᠦ ᠲᠠᠪᠴᠠᠩ ᠢ | ᠠᠰᠢᠭᠯᠠᠨ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ | ᠤᠰᠤᠨ ᠴᠥᠭᠦᠷᠥᠮ ᠂ ᠨᠦᠯᠦᠮᠡᠯ ᠭᠠᠵᠠᠷ ᠤᠨ ᠬᠠᠰᠢᠯᠭ᠎ᠠ ᠶᠢᠨ | ᠰᠡᠷᠡᠮᠵᠢᠯᠡᠭᠦᠯᠦᠯ ᠢ ᠨᠡᠶᠢᠲᠡᠯᠡᠵᠦ ᠂ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠢᠭᠡᠳᠦᠭᠡᠷ ᠹᠷᠣᠨᠲ ᠤᠨ | ᠬᠠᠷᠢᠭᠤᠴᠠᠯᠭᠠᠲᠠᠨ ᠳᠤ ᠲᠤ ᠰᠢᠭᠤᠳ ᠬᠦᠷᠭᠡᠨ᠎ᠡ ᠃ ᠤᠰᠤᠨ | ᠴᠥᠭᠦᠷᠥᠮ ᠤᠨ ᠪᠡᠷᠢᠮᠵᠢᠶᠠᠨ ᠠᠴᠠ ᠬᠡᠲᠦᠷᠡᠭᠰᠡᠨ ᠦᠶᠡᠷ ᠢ | ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠪᠡᠯᠡᠳᠬᠡᠯ | ᠲᠥᠰᠥᠯ ᠢ ᠴᠠᠭ ᠲᠤᠬᠠᠢ ᠳᠤ ᠨᠢ ᠲᠣᠬᠢᠷᠠᠭᠤᠯᠤᠨ ᠵᠠᠰᠠᠪᠤᠷᠢ | ᠣᠷᠣᠭᠤᠯᠵᠤ ᠂ ᠪᠡᠯᠡᠳᠬᠡᠯ ᠲᠥᠰᠥᠯ ᠤᠨ ᠴᠢᠭᠯᠡᠯᠲᠦ ᠴᠢᠨᠠᠷ ᠪᠠ | ᠬᠡᠷᠡᠭᠵᠢᠭᠦᠯᠦᠭᠳᠡᠬᠦᠶᠢᠴᠡ ᠴᠢᠨᠠᠷ ᠢ ᠴᠢᠩᠭᠠᠳᠬᠠᠨ᠎ᠠ ᠃ | ᠣᠯᠠᠨ ᠰᠠᠯᠠᠭ᠎ᠠ ᠮᠥᠴᠢᠷ ᠂ ᠣᠯᠠᠨ ᠠᠷᠭ᠎ᠠ ᠵᠠᠮ ᠂ ᠣᠯᠠᠨ ᠠᠷᠭ᠎ᠠ | ᠮᠠᠶ᠋ᠢᠭ ᠢᠶᠠᠷ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ | ᠠᠳᠠᠯᠢ ᠪᠤᠰᠤ ᠰᠣᠷᠢᠯᠲᠠ ᠶᠢ ᠥᠷᠨᠢᠭᠦᠯᠵᠦ ᠂ ᠠᠷᠭᠠᠴᠠᠬᠤ | ᠴᠢᠳᠠᠪᠤᠷᠢ ᠪᠠᠨ ᠨᠡᠮᠡᠭᠳᠡᠭᠦᠯᠵᠦ ᠪᠠᠶᠢᠨ᠎ᠠ ᠃ | |