ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ | ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶ᠎ᠠ 6 ᠰᠠᠷ᠎ᠠ ᠶᠢᠨ 27 ᠤ ᠡᠳᠦᠷ ᠬᠤᠷᠠᠯ | ᠬᠤᠷᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ | ᠰᠤᠳᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠢ 7 ᠰᠠᠷ᠎ᠠ ᠶᠢᠨ 15 ᠠᠴᠠ 18 ᠤ | ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ | ᠲᠣᠭᠲᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ | ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ | ᠬᠤᠷᠢᠶ᠎ᠠ ᠶᠢᠨ ᠲᠣᠭᠲᠠᠭᠠᠯ︾ ᠤᠨ ᠨᠣᠣᠷᠠᠭ ᠤᠨ ᠲᠤᠬᠠᠢ | ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ | ᠰᠠᠨᠠᠯ ᠬᠤᠷᠢᠶᠠᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠣᠨᠣᠰᠴᠤ᠂ ᠲᠣᠰ ᠤᠳᠠᠭᠠᠨ ᠤ ᠬᠤᠷᠠᠯ ᠳᠤ | ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ | ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ | ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ | ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ | ᠨᠠᠮ ᠤᠨ ᠳᠣᠲᠣᠭᠠᠳᠤ ᠶᠢᠨ ᠠᠷᠠᠳᠴᠢᠯᠠᠯ᠂ ᠤᠯᠡᠠ ᠤ ᠤᠶᠤᠨ | ᠤᠬᠠᠭᠠᠨ ᠢ ᠲᠥᠪᠯᠡᠷᠡᠭᠦᠯᠬᠦ ᠰᠤᠷᠲᠠᠯ ᠢ ᠭᠦᠢᠴᠡᠳ | ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠡᠯ᠎ᠡ ᠲᠠᠯ᠎ᠠ ᠶᠢᠨ ᠬᠢᠨ ᠲᠣᠭᠲᠠᠭᠠᠯ ᠤᠨ ᠨᠣᠣᠷᠠᠭ ᠢ ᠭᠦᠢᠴᠡᠳ | ᠨᠤᠲᠠᠯᠠᠵᠠᠢ ᠭᠡᠵᠦ ᠵᠢᠭᠠᠵᠤ ᠭᠠᠷᠭᠠᠨ᠂ ᠲᠣᠭᠲᠠᠭᠠᠯ ᠤᠨ | ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ | ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ | ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠯᠡᠵᠦ᠂ ᠰᠢᠨ᠎ᠡ ᠠᠶᠠᠨ ᠳᠤ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ | ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ | ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ᠂ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠬᠦ | ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ | ᠭᠡᠵᠦ ᠦᠵᠡᠪᠡ᠃ | ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ | ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠢ ᠦᠷᠭᠦᠯᠵᠢᠯᠡᠨ | ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ | ᠪᠣᠯᠣᠨ᠎ᠠ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ | ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ | ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ | ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ | ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ | ᠳ᠋ᠦᠩᠨᠡᠨ ᠬᠡᠷᠡᠭᠯᠡᠵᠦ᠂ ᠳᠣᠣᠷᠠᠬᠢ ᠵᠠᠷᠴᠢᠮ ᠢ | ᠲᠤᠭᠤᠰᠢᠯᠠᠭᠤᠯᠬᠤ ᠬᠡᠷᠡᠭᠲᠡᠢ᠄ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ | ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ | ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ | ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ | ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ | ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ | ᠪᠦᠭᠦ ᠶᠠᠪᠤᠴᠠ ᠳᠤ ᠲᠤᠭᠤᠰᠢᠯᠠᠭᠤᠯᠵᠤ᠂ ᠥᠭᠡᠷᠡᠴᠢᠯᠡᠯᠲᠡ ᠶᠢᠨ | ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ | ᠤᠷᠤᠭᠰᠢᠯᠠᠬᠤ ᠶᠢ ᠪᠠᠲᠤᠯᠠᠬᠤ ᠭᠡᠷᠡᠭᠲᠡᠢ︔ ᠠᠷᠠᠳ | ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ | ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ | ᠲᠦᠮᠡᠨ ᠬᠦᠰᠡᠯ ᠱᠠᠭᠠᠷᠳᠠᠯᠭ᠎ᠠ ᠲᠠᠢ ᠪᠣᠯ | ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠨᠢ ᠠᠷᠠᠳ ᠲᠦᠮᠡᠨ ᠤ | ᠲᠥᠯᠥᠭᠡ᠂ ᠥᠭᠡᠷᠡᠴᠢᠯᠡᠯᠲᠡ ᠨᠢ ᠠᠷᠠᠳ ᠲᠦᠮᠡᠨ ᠳᠤ | ᠲᠦᠰᠢᠭᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ | ᠪᠡᠶᠡᠯᠡᠭᠦᠯᠬᠦ ᠭᠡᠷᠡᠭᠳᠡᠢ︔ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ | ᠦᠭᠡᠢ ᠪᠠᠷᠢᠮᠲᠠᠯᠠᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ | ᠲᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ | ᠲᠣᠪᠤᠶᠢᠯᠭᠠᠨ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ | ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ | ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ | ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ | ᠰᠢᠨ᠎ᠡ ᠶᠢ ᠡᠭᠦᠳᠬᠦ ᠶᠢ ᠠᠬᠢᠭᠤᠯᠬᠤ ᠭᠡᠷᠡᠭᠳᠡᠢ︔ ᠳᠦᠷᠢᠮ ᠤᠨ | ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ | ᠪᠠᠷᠢᠮᠲᠠᠯᠠᠵᠤ᠂ ᠦᠵᠦ ᠲᠥᠯᠥᠪᠯᠡᠭᠡ ᠬᠢᠬᠦ᠂ ᠶᠡᠷᠦᠩᠬᠡᠢ ᠳᠤᠨᠢ | ᠲᠥᠯᠥᠪᠵᠢᠭᠦᠯᠬᠦ᠂ ᠡᠪᠳᠡᠵᠦ ᠪᠠᠶᠢᠭᠤᠯᠬᠤ ᠶᠢ ᠵᠡᠷᠭᠡ ᠪᠠᠷ | ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠤᠨ | ᠳᠠᠷᠠᠭ᠎ᠠ ᠨᠢ ᠬᠠᠭᠤᠴᠢᠨ ᠢ ᠡᠪᠳᠡᠬᠦ ᠶᠢ ᠴᠢᠩᠭᠠᠳᠬᠠᠵᠤ᠂ | ᠦᠨᠳᠦᠰᠦ ᠪᠤᠯᠬᠤ ᠳᠦᠷᠢᠮ ᠢ ᠪᠠᠬᠢᠵᠢᠭᠦᠯᠵᠦ᠂ ᠦᠨᠳᠦᠰᠦᠨ | ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠳᠦᠷᠢᠮ ᠤᠨ | ᠰᠢᠨ᠎ᠡ ᠶᠢ ᠡᠭᠦᠳᠬᠦ ᠭᠡᠷᠡᠭᠳᠡᠢ︔ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ | ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ᠂ ᠥᠭᠡᠷᠡᠴᠢᠯᠡᠯᠲᠡ ᠪᠠ | ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ | ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢ | ᠬᠠᠤᠯᠢ ᠶᠢᠨ ᠦᠨᠳᠦᠰᠦᠯᠡᠯ ᠲᠠᠢ ᠪᠤᠯᠭᠠᠵᠤ᠂ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ | ᠬᠠᠤᠯᠢ ᠴᠠᠭᠠᠵᠠ ᠶᠢᠨ ᠳᠦᠷᠢᠮ ᠪᠣᠯᠭᠠᠨ ᠳᠡᠭᠡᠭᠰᠢᠯᠡᠭᠦᠯᠭᠦ | ᠭᠡᠷᠡᠭᠳᠡᠢ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ | ᠠᠵᠤ ᠠᠬᠤᠢ ᠪᠠ ᠨᠡᠶᠢᠭᠡᠮ᠂ ᠵᠠᠰᠠᠭ ᠤᠨ ᠣᠷᠳᠣᠨ ᠪᠠ ᠵᠠᠬ᠎ᠠ | ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠣᠯᠴᠢ᠂ | ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ | ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ | ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠪᠣᠯ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ | ᠮᠥᠨ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ | ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ | ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ | ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |