ᠬᠤᠩᠱᠠᠨ ᠲᠣᠭᠤᠷᠢᠭ 2024 ᠣᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠥᠨᠦᠭᠡᠯ ᠢ ᠰᠡᠷᠭᠡᠶᠢᠯᠡᠨ ᠡᠵᠡᠮᠳᠡᠬᠦ ᠶᠢ ᠤᠬᠠᠭᠤᠯᠬᠤ ᠭᠠᠷᠠᠭ ᠤᠨ ᠠᠵᠢᠯᠯᠠᠭᠠᠨ ᠢ ᠦᠷᠨᠢᠭᠦᠯᠪᠡ
ᠨᠡᠶᠢᠲᠡᠯᠡᠭᠰᠡᠨ ᠴᠠᠭ᠄
2024/6/7
     ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠦᠭᠡ ᠬᠤᠩᠱᠠᠨ ᠲᠤᠭᠤᠷᠢᠭ ︽ᠤᠢ ᠰᠢᠭᠤᠢ ᠲᠠᠯ᠎ᠠ ᠨᠤᠲᠤᠭ ᠤᠨ ᠬᠤᠤᠷᠲᠠᠢ ᠠᠮᠢᠳᠤ ᠪᠤᠳᠠᠰ ᠢ ᠰᠡᠷᠭᠡᠶᠢᠯᠡᠨ ᠡᠵᠡᠮᠳᠡᠵᠦ᠂ ᠦᠵᠡᠰᠬᠦᠯᠡᠩᠲᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠵᠢᠳᠬᠦᠯ ᠦᠵᠡᠭᠦᠯᠬᠦ ᠶᠢ ᠴᠢᠩᠭᠠᠳᠬᠠᠬᠤ︾ ᠪᠠᠷ ᠭᠤᠣᠯ ᠰᠡᠳᠦᠪ ᠪᠣᠯᠭᠠᠭᠰᠠᠨ 2024 ᠣᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠶᠢ ᠤᠬᠠᠭᠤᠯᠬᠤ ᠭᠠᠷᠠᠭ ᠤᠨ ᠠᠵᠢᠯᠯᠠᠭᠠᠨ ᠢ ᠦᠷᠨᠢᠭᠦᠯᠪᠡ᠃     ᠠᠵᠢᠯᠯᠠᠭᠠᠨ ᠨᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠮᠢᠨᠦ ᠰᠢᠨ᠎ᠡ ᠬᠤᠩᠱᠠᠨ ᠰᠤᠷᠠᠭ ᠵᠠᠩᠭᠢ ᠶᠢᠨ ᠲᠠᠪᠴᠠᠩ ᠳᠤ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠵᠡᠷᠭᠡ ᠠᠷᠭ᠎ᠠ ᠠᠪᠴᠠᠯ ᠢ ᠠᠰᠢᠭᠯᠠᠨ᠂ ᠰᠡᠷᠭᠡᠶᠢᠯᠡᠨ ᠡᠵᠡᠮᠳᠡᠬᠦ ᠮᠡᠳᠡᠯᠭᠡ ᠶᠢ ᠠᠵᠤ ᠠᠬᠤᠶᠢᠯᠠᠯ ᠂ ᠨᠡᠶᠢᠭᠡᠮ ᠲᠣᠭᠤᠷᠢᠭ᠂ ᠤᠢ ᠰᠢᠭᠤᠢ ᠶᠢᠨ ᠲᠠᠯᠠᠪᠠᠢ ᠳᠤ ᠣᠷᠤᠭᠤᠯᠵᠤ᠂ ᠣᠯᠠᠨ ᠲᠥᠮᠡᠨ ᠳᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠣᠳᠠᠰ ᠤᠨ ᠬᠤᠤᠷ ᠬᠦᠨᠦᠭᠡᠯ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠭᠤᠯᠵᠤ᠂ ᠣᠯᠠᠨ ᠲᠥᠮᠡᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠣᠳᠠᠰ ᠤᠨ ᠬᠤᠤᠷ ᠬᠦᠨᠦᠭᠡᠯ ᠢ ᠰᠡᠷᠭᠡᠶᠢᠯᠡᠨ ᠵᠠᠰᠠᠬᠤ ᠶᠢ ᠳᠡᠮᠵᠢᠬᠦ ᠪᠠ ᠣᠷᠤᠯᠴᠠᠬᠤ ᠤᠬᠠᠮᠰᠠᠷᠲᠤ ᠴᠢᠨᠠᠷ ᠪᠠ ᠢᠳᠡᠪᠬᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠠᠨ ᠲᠥᠮᠡᠨ ᠤ ᠭᠠᠯ ᠤᠨ ᠠᠶᠤᠯ ᠢ ᠰᠡᠷᠭᠡᠶᠢᠯᠡᠵᠦ ᠪᠠᠭᠠᠰᠬᠠᠬᠤ ᠤᠬᠠᠮᠰᠠᠷ ᠪᠠ ᠴᠢᠳᠠᠪᠤᠷᠢ ᠶᠢ ᠴᠢᠩᠭᠠᠳᠬᠠᠪᠠ᠃     ᠳᠠᠷᠠᠭ᠎ᠠ ᠠᠯᠬᠤᠮ ᠳᠤ ᠬᠤᠩᠱᠠᠨ ᠲᠣᠭᠤᠷᠢᠭ ︽2024 ᠤᠨ ᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ︾ ᠢᠶᠠᠷ ᠠᠵᠠ ᠲᠤᠬᠢᠶᠠᠯ ᠭᠠᠷᠳᠠᠴᠠ ᠪᠣᠯᠭᠠᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢ ᠵᠤᠬᠢᠶᠠᠨ ᠪᠠᠶᠢᠭᠤᠯᠵᠤ ᠤᠢ ᠰᠢᠭᠤᠢ ᠲᠠᠯ᠎ᠠ ᠨᠤᠲᠤᠭ ᠤᠨ ᠠᠮᠢᠳᠤ ᠪᠤᠳᠠᠰ ᠤᠨ ᠬᠤᠤᠷ ᠬᠦᠨᠦᠭᠡᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠦᠷᠨᠢᠭᠦᠯᠬᠦ ᠪᠣᠯᠤᠨ᠎ᠠ᠃
ᠢᠷᠡᠯᠲᠡ᠄ ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ