ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 2024 ᠣᠨ ᠠᠴᠠ | ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠠᠶᠢᠮᠠᠭ | ᠬᠤᠲᠠ ᠶᠢᠨ ᠱᠠᠲᠤᠨ ᠤ ᠬᠠᠮᠢᠶᠠᠷᠤᠯᠲᠠ ᠶᠢ | ᠬᠡᠷᠡᠭᠵᠢᠭᠦᠯᠬᠦ ᠶᠢᠨ ᠬᠠᠮᠲᠤ᠂ ᠲᠥᠷᠥ ᠶᠢᠨ ᠪᠣᠳᠣᠯᠭ᠎ᠠ ᠶᠢ | ᠪᠥᠬᠦ ᠣᠷᠣᠨ ᠳᠤ ᠨᠢᠭᠡᠳᠦᠯᠲᠡᠶ ᠪᠠᠶᠢᠯᠭᠠᠬᠤ ᠪᠠᠷ ᠭᠤᠤᠯ | ᠪᠣᠯᠭᠠᠵᠤ᠂ ᠰᠠᠭᠤᠷᠢ ᠮᠥᠩᠭᠦ ᠶᠢ ᠠᠶᠢᠮᠠᠭ ᠬᠤᠲᠠ ᠶᠢᠨ | ᠱᠠᠲᠤᠨ ᠤ ᠨᠢᠭᠡᠳᠦᠯᠲᠡᠶ ᠬᠤᠷᠢᠶᠠᠵᠤ ᠨᠢᠭᠡᠳᠦᠯᠲᠡᠶ | ᠵᠠᠷᠤᠬᠤ ᠪᠠᠷ ᠰᠠᠭᠤᠷᠢ ᠪᠣᠯᠭᠠᠨ᠂ ᠰᠠᠭᠤᠷᠢ ᠮᠥᠩᠭᠦ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠮᠡᠳᠡᠭᠡ | ᠵᠠᠩᠭᠢ ᠶᠢᠨ ᠰᠢᠰᠲ᠋ᠧᠮ ᠤᠨ ᠴᠢᠳᠠᠮᠵᠢ ᠶᠢ | ᠲᠡᠭᠦᠯᠳᠡᠷᠵᠢᠭᠦᠯᠬᠦ ᠪᠠᠷ ᠲᠦᠰᠢᠭ ᠪᠣᠯᠭᠠᠵᠤ᠂ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠤᠯᠠᠮ | ᠨᠢᠭᠡ ᠠᠯᠬᠤᠮ ᠪᠦᠷᠢᠨᠰᠢᠬᠦᠯᠵᠦ᠂ ᠥᠪᠡᠷᠲᠡᠭᠡᠨ ᠵᠠᠰᠠᠬᠤ | ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ | ᠪᠦᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠥᠬᠦᠪᠥᠷᠢ ᠶᠢ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠡᠷᠦᠬᠡ | ︵︽ᠲᠤᠰᠬᠠᠶ ᠡᠷᠦᠬᠡ ᠳᠤ ᠰᠢᠭᠤᠳ ᠨᠡᠪᠲᠡᠷᠡᠬᠦ ᠲᠡᠷᠭᠡ︾︶ ᠳᠤ | ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠰᠠᠯᠭᠠᠨ | ᠥᠭᠭᠦᠨ᠎ᠡ᠂ ᠠᠶᠢᠮᠠᠭ ᠬᠤᠲᠠ ᠵᠢᠴᠢ ᠬᠤᠰᠢᠭᠤ ᠰᠢᠶᠠᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠲᠡᠭᠦᠨ ᠤ ᠡᠭᠦᠷᠭᠡᠯᠡᠵᠦ | ᠪᠦᠬᠦᠢ ᠡᠳ᠋ ᠤᠨ ᠵᠠᠰᠠᠭ ᠤᠨ ᠨᠥᠬᠦᠪᠥᠷᠢ ᠶᠢ ᠴᠠᠭ | ᠲᠤᠬᠠᠶ ᠳᠤ ᠨᠢ ᠭᠦᠢᠴᠡᠳ ᠲᠤᠭ᠎ᠠ ᠪᠠᠷ ᠠᠶᠢᠮᠠᠭ ᠬᠤᠲᠠ ᠶᠢᠨ | ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠲᠤᠰᠬᠠᠶ ᠡᠷᠦᠬᠡ ᠳᠤ ᠰᠠᠯᠭᠠᠨ ᠥᠭᠭᠦᠨ᠎ᠡ᠃ | ᠣᠳᠣᠬᠠᠨ ᠳᠤ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠨᠢᠭᠡᠨᠲᠡ 2024 ᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ | ᠮᠥᠩᠭᠦ ᠶᠢ 43.64 ᠳ᠋ᠦᠩᠰᠢᠭᠤᠷ ᠲᠥᠭᠦᠷᠢᠭ ᠪᠠᠭᠤᠯᠭᠠᠪᠠ᠃ | ᠡᠭᠦᠨ ᠳᠤ᠂ ︽ᠲᠤᠰᠬᠠᠶ ᠡᠷᠦᠬᠡ ᠳᠤ ᠰᠢᠭᠤᠳ ᠨᠡᠪᠲᠡᠷᠡᠬᠦ | ᠲᠡᠷᠭᠡ︾ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ ᠠᠶᠢᠮᠠᠭ | ᠬᠤᠲᠠ ᠳᠤ 16 ᠳ᠋ᠦᠩᠰᠢᠭᠤᠷ ᠲᠥᠭᠦᠷᠢᠭ ᠰᠠᠯᠭᠠᠨ ᠥᠭᠪᠡ᠃ 2024 ᠣᠨ ᠤ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 31.03 | ᠳ᠋ᠦᠩᠰᠢᠭᠤᠷ ᠲᠥᠭᠦᠷᠢᠭ᠂ ᠵᠠᠷᠤᠯᠭ᠎ᠠ 26.01 ᠳ᠋ᠦᠩᠰᠢᠭᠤᠷ | ᠲᠥᠭᠦᠷᠢᠭ ᠪᠠᠶᠢᠵᠤ᠂ ᠲᠣᠰ ᠬᠤᠭᠤᠴᠠᠭᠠᠨ ᠤ ᠣᠷᠣᠯᠭ᠎ᠠ | ᠵᠠᠷᠤᠯᠭ᠎ᠠ ᠶᠢᠨ ᠦᠯᠡᠳᠡᠪᠦᠷᠢ 5.02 ᠳ᠋ᠦᠩᠰᠢᠭᠤᠷ ᠲᠥᠭᠦᠷᠢᠭ | ᠪᠠᠶᠢᠵᠤ᠂ ᠪᠥᠬᠦ ᠣᠷᠣᠨ ᠤ 280.11 ᠲᠦᠮᠡᠨ ᠬᠤᠲᠠ ᠬᠥᠳᠡᠭᠡ ᠶᠢᠨ | ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠨᠢ | ᠣᠯᠭᠤᠪᠠ᠃ | ︽ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠲᠠᠢ ᠬᠠᠮᠲᠤᠷᠠᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠲᠣᠭᠲᠠᠴᠠ ᠪᠠ ᠮᠡᠳᠡᠭᠡ ᠵᠠᠩᠭᠢ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠰᠠᠭᠤᠷᠢ ᠮᠥᠩᠭᠦ ᠶᠢᠨ | ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠵᠦ᠂ ᠰᠠᠭᠤᠷᠢ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠬᠡᠯᠡᠪᠡ᠃ | |