| | | ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠵᠣᠷᠢᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ | ᠣᠯᠭᠤᠬᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ︽ ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠤᠯᠠᠭᠠᠨᠬᠠᠳᠠ ᠨᠠᠮ ᠲᠠᠷᠬᠠᠭᠠᠭᠰᠠᠨ〔2020〕3 ᠳ᠋ᠤᠭᠠᠷ ᠲᠣᠭᠠᠲᠤ︶ ᠶᠢ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠳᠠᠯ ᠦᠢᠯᠡᠰ ᠴᠣᠭᠴᠠᠯᠠᠬᠤ ᠰᠢᠮᠡᠯᠢᠭ ᠬᠥᠷᠥᠰᠥ ᠶᠢ ᠤᠬᠠᠭᠤᠯᠵᠤ᠂ ᠤᠯᠠᠭᠠᠨᠬᠠᠳᠠ ᠶᠢᠨ ᠠᠳᠠᠯ ᠦᠢᠯᠡᠰ | ᠴᠣᠭᠴᠠᠯᠠᠬᠤ ᠶᠢ ᠳᠡᠮᠵᠢᠬᠦ ᠦᠨᠡᠨᠴᠢ ᠰᠡᠳᠬᠢᠯᠭᠡ ᠶᠢ ᠢᠯᠡᠷᠡᠭᠦᠯᠵᠦ᠂ ᠤᠯᠠᠭᠠᠨᠬᠠᠳᠠ ᠶᠢᠨ ᠴᠢᠳᠠᠪᠤᠷᠢᠲᠠᠨ ᠢ ᠲᠠᠲᠠᠬᠤ ᠡᠷᠡᠰ ᠵᠣᠷᠢᠭ ᠢ ᠳᠠᠮᠵᠢᠭᠤᠯᠵᠤ᠂ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠬᠠᠶᠢᠷ᠎ᠠ ᠰᠡᠳᠬᠢᠯᠭᠡ ᠲᠠᠢ ᠪᠠᠷ ᠬᠥᠮᠦᠨ ᠢ ᠦᠯᠡᠳᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠢ ᠤᠯᠠᠭᠠᠨᠬᠠᠳᠠ ᠳᠤ ᠠᠪᠴᠢᠷᠠᠨ ᠤᠯᠠᠭᠠᠨᠬᠠᠳᠠ ᠳᠤ ᠦᠯᠡᠳᠡᠭᠡᠵᠦ ᠠᠵᠢᠯ ᠣᠯᠭᠤᠵᠤ ᠠᠳᠠᠯ ᠦᠢᠯᠡᠰ | ᠴᠣᠭᠴᠠᠯᠠᠭᠤᠯᠵᠤ᠂ ᠤᠯᠠᠭᠠᠨᠬᠠᠳᠠ ᠬᠤᠲᠠ ᠶᠢᠨ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ | ᠬᠠᠩᠭᠠᠪᠠ᠃ | ᠬᠤᠶᠠᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠦᠨᠳᠦᠰᠦᠯᠡᠯ | ︵ᠨᠢᠭᠡ︶ ︽︿ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠦᠯ ︵2022 - 2025 ᠣᠨ︶ ᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ︵ᠥᠪᠥᠷ ᠵᠠᠰᠠᠭ ᠠᠯᠪᠠᠨ ᠲᠠᠷᠬᠠᠭᠠᠭᠰᠠᠨ〔2020〕31 ᠳ᠋ᠤᠭᠡᠷ ᠲᠣᠭᠠᠲᠤ︶ | ︵ᠬᠤᠶᠠᠷ︶ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠠᠳᠠᠯ ᠦᠢᠯᠡᠰ ᠴᠣᠭᠴᠠᠯᠠᠬᠤ ᠤᠯᠠᠭᠠᠨᠬᠠᠳᠠ﹀ ᠶᠢᠨ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ〔2021〕16 ᠳ᠋ᠤᠭᠠᠷ | ᠲᠣᠭᠠᠲᠤ︶ | ︵ᠭᠤᠷᠪᠠ︶ ︽︿ᠤᠯᠠᠭᠠᠨᠬᠠᠳᠠ ᠬᠤᠳᠠ ᠶᠢᠨ ᠴᠢᠳᠠᠪᠤᠷᠢᠲᠠᠨ ᠢᠶᠠᠷ ᠬᠤᠳᠠ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠲᠠᠷᠬᠠᠭᠠᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ ᠶᠢᠨ ᠮᠡᠳᠡᠭᠳᠡᠯ︾ ︵ᠤᠯᠠᠭᠠᠨᠬᠠᠳᠠ ᠨᠠᠮ | ᠲᠠᠷᠬᠠᠭᠠᠭᠰᠠᠨ〔2024〕3 ᠳ᠋ᠤᠭᠠᠷ ᠲᠣᠭᠠᠲᠤ︶ | ᠭᠤᠷᠪᠠ᠂ ᠭᠤᠤᠯᠳᠠᠯᠭ᠎ᠠ ᠲᠠᠢ ᠠᠭᠤᠯᠭ᠎ᠠ | ︵ᠨᠢᠭᠡ︶ ᠬᠥᠳᠡᠯᠭᠡᠭᠡᠨ ᠤ ᠭᠤᠤᠯ ᠰᠡᠳᠦᠪ᠃ ︽ᠲᠦᠮᠡᠨ ᠨᠡᠷᠡᠰ ᠰᠤᠷᠤᠭᠴᠢ ᠶᠢᠨ ᠤᠯᠠᠭᠠᠨᠬᠠᠳᠠ ᠳᠡᠬᠢ ᠠᠶᠠᠯᠠᠯ︾᠃ | ︵ᠬᠤᠶᠠᠷ︶ ᠠᠵᠢᠯᠯᠠᠭ᠎ᠠ ᠶᠢᠨ ᠴᠠᠭ᠃ 2024 ᠣᠨ ᠤ 7 ᠰᠠᠷ᠎ᠠ ᠠᠴᠠ 12 ᠰᠠᠷ᠎ᠠ ᠪᠣᠯᠲᠠᠯ᠎ᠠ᠂ ᠵᠣᠨ ᠤ ᠠᠮᠠᠷᠠᠯᠲᠠ ᠪᠠᠷ ᠭᠤᠤᠯᠳᠠᠯᠭ᠎ᠠ ᠪᠣᠯᠭᠠᠵᠤ᠂ | ᠵᠣᠯᠭᠠᠭᠤᠯᠤᠨ ᠵᠣᠬᠢᠶᠠᠨ ᠪᠠᠶᠢᠭᠤᠯᠵᠤ᠂ ᠠᠭᠤᠰᠤᠯᠴᠠᠭᠤᠯᠤᠨ ᠠᠬᠢᠭᠤᠯᠤᠨ᠎ᠠ᠃ | ︵ᠭᠤᠷᠪᠠ︶ ᠬᠥᠳᠡᠯᠭᠡᠭᠡᠨ ᠤ ᠠᠭᠤᠯᠭ᠎ᠠ ᠃ ︽ᠵᠢᠷᠭᠤᠭᠠᠨ ᠨᠢᠭᠡ ᠪᠦᠯᠦᠭ︾ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ | 1. ᠠᠳᠠᠯ ᠦᠢᠯᠡᠰ ᠴᠣᠭᠴᠠᠯᠠᠬᠤ ᠠᠵᠢᠯᠯᠠᠭ᠎ᠠ ᠪᠠᠷ ᠨᠢᠭᠡ ᠪᠦᠯᠦᠭ ᠢ ᠳᠠᠶᠢᠴᠢᠯᠠᠬᠤ ᠃ ︽ᠠᠮᠢᠵᠢᠷᠠᠯ ᠤᠨ ᠬᠦᠴᠦᠨ ᠲᠠᠢ | ᠤᠯᠠᠭᠠᠨᠬᠠᠳᠠ︾ ᠠᠳᠠᠯ ᠦᠢᠯᠡᠰ ᠴᠣᠭᠴᠠᠯᠠᠬᠤ ᠪᠦᠲᠦᠭᠡᠯᠴᠢ ᠲᠦᠰᠦᠪᠯᠡᠯ ᠤᠨ ᠠᠵᠢᠯᠯᠠᠭ᠎ᠠ ᠶᠢᠨ ᠬᠤᠭᠤᠴᠠᠭᠠᠨ ᠳᠤ᠂ ᠤᠷᠤᠯᠳᠤᠭᠠᠨ ᠳᠤ ᠣᠷᠣᠯᠴᠠᠭᠰᠠᠳ ᠢ | ᠵᠣᠬᠢᠶᠠᠨ ᠪᠠᠶᠢᠭᠤᠯᠵᠤ ᠮᠠᠨ ᠤ ᠬᠤᠲᠠ ᠶᠢᠨ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ ᠬᠦᠷᠴᠦ ᠲᠣᠭᠤᠷᠢᠨ | ᠦᠵᠡᠵᠦ ᠰᠢᠨᠵᠢᠯᠡᠨ ᠪᠠᠶᠢᠴᠠᠭᠠᠪᠠ᠃ ᠤᠷᠤᠯᠳᠤᠭᠠᠨ ᠤ ᠳᠠᠷᠠᠭᠠᠬᠢ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠨᠠᠶᠢᠳᠠᠪᠤᠷᠢᠵᠢᠭᠤᠯᠵᠤ ᠪᠣᠯᠬᠤ ᠠᠳᠠᠯ ᠦᠢᠯᠡᠰ | ᠴᠣᠭᠴᠠᠯᠠᠬᠤ ᠲᠥᠷᠥᠯ ᠵᠦᠢᠯ ᠢ ᠮᠥᠷᠳᠡᠵᠦ᠂ ᠲᠡᠳᠬᠦᠨ ᠳᠡᠮᠵᠢᠨ᠎ᠡ᠃ | 2. ᠨᠡᠶᠢᠭᠡᠮ ᠤᠨ ᠦᠢᠯᠡᠳᠦᠯᠭᠡ ᠪᠠᠷ ᠨᠢᠭᠡ ᠪᠦᠯᠦᠭ ᠢ ᠣᠷᠣᠭᠤᠯᠤᠨ ᠠᠪᠬᠤ ᠃ ᠵᠣᠨ ᠤ ᠠᠮᠠᠷᠠᠯᠲᠠ ᠶᠢᠨ ᠬᠤᠭᠤᠴᠠᠭᠠᠨ ᠤ ᠤᠶᠤᠲᠠᠳ ᠤᠨ | ᠨᠤᠲᠤᠭ ᠲᠠᠭᠠᠨ ᠪᠤᠴᠠᠬᠤ ᠠᠵᠠ ᠲᠣᠬᠢᠶᠠᠯ ᠢ ᠠᠰᠢᠭᠯᠠᠨ᠂ ᠬᠤᠲᠠ ᠶᠢᠨ ᠲᠣᠰ ᠱᠠᠲᠤ᠂ ᠬᠤᠰᠢᠭᠤ ᠰᠢᠶᠠᠨ ᠲᠣᠭᠤᠷᠢᠭ ︽ᠨᠤᠲᠤᠭ ᠲᠠᠭᠠᠨ ᠪᠤᠴᠠᠭᠰᠠᠨ | ᠤᠶᠤᠲᠠᠳ ᠢ ᠠᠵᠤ ᠠᠬᠤᠶᠢᠯᠠᠯ ᠳᠤ ᠣᠷᠣᠭᠤᠯᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠠᠵᠤ ᠠᠬᠤᠶᠢᠯᠠᠯ ᠤᠨ | ᠦᠢᠯᠡᠳᠦᠯᠭᠡ ᠶᠢᠨ ᠬᠤᠭᠤᠴᠠᠭᠠᠨ ᠳᠠᠬᠢ ᠢᠯᠡᠷᠡᠯ ᠢᠶᠠᠷ ᠨᠡᠯᠢᠶᠡᠳ ᠰᠠᠶᠢᠨ ᠮᠥᠷᠲᠡᠭᠡᠨ ᠤᠯᠠᠭᠠᠨᠬᠠᠳᠠ ᠳᠤ ᠢᠷᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ | ᠰᠠᠨᠠᠮᠵᠢ ᠲᠠᠢ ᠪᠠᠶᠢᠪᠠᠯ᠂ ᠲᠡᠭᠦᠰᠦᠭᠰᠡᠨ ᠤ ᠳᠠᠷᠠᠭ᠎ᠠ ᠠᠵᠤ ᠠᠬᠤᠶᠢᠯᠠᠯ ᠳᠤ ᠣᠷᠣᠬᠤ ᠠᠵᠢᠯ ᠢ ᠵᠣᠬᠢᠴᠠᠭᠤᠯᠵᠤ᠂ ᠬᠠᠮᠢᠶ᠎ᠠ ᠪᠥᠬᠦᠶ ᠴᠢᠳᠠᠪᠤᠷᠢᠲᠠᠨ ᠤ ᠲᠥᠷᠥ ᠶᠢᠨ | ᠪᠣᠳᠣᠯᠭ᠎ᠠ ᠶᠢ ᠭᠥᠷᠳᠡᠵᠦ ᠪᠣᠯᠤᠨ᠎ᠠ᠃ | 3. ︽ᠳᠠᠷᠪᠠᠭᠤᠯ ᠬᠡᠶᠢᠰᠬᠡᠬᠦ ᠲᠥᠯᠥᠪᠯᠡᠭᠡ︾ ᠪᠠᠷ ᠨᠢᠭᠡ ᠪᠦᠯᠦᠭ ᠢ ᠵᠣᠬᠢᠶᠠᠨ ᠪᠠᠶᠢᠭᠤᠯᠬᠤ ᠃ ᠡᠪᠯᠡᠯ ᠤᠨ ᠬᠤᠲᠠ ᠶᠢᠨ ᠬᠤᠷᠢᠶ᠎ᠠ | ᠠᠴᠠ ᠪᠦᠬᠦ ᠬᠤᠲᠠ ᠶᠢᠨ ᠡᠯ᠎ᠡ ᠱᠠᠲᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠤᠨ ᠤᠶᠤᠲᠠᠳ ᠤᠨ ᠵᠣᠨ ᠤ ᠠᠮᠠᠷᠠᠯᠲᠠ ᠶᠢᠨ | ᠳᠠᠳᠤᠯᠭ᠎ᠠ ᠬᠢᠬᠦ ᠠᠵᠢᠯ ᠤᠨ ᠪᠠᠶᠢᠷᠢ ᠶᠢ ᠮᠡᠳᠡᠭᠦᠯᠬᠦ ᠶᠢᠨ ᠬᠠᠮᠲᠤ ᠵᠣᠨ ᠤ ᠠᠮᠠᠷᠠᠯᠲᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠤᠶᠤᠲᠠᠳ ᠢ ᠵᠣᠬᠢᠶᠠᠨ | ᠪᠠᠶᠢᠭᠤᠯᠤᠨ ᠣᠶᠢᠷ᠎ᠠ ᠬᠠᠪᠢ ᠳᠠᠭᠠᠨ ᠳᠠᠳᠤᠯᠭ᠎ᠠ ᠬᠢᠵᠦ ᠦᠢᠯᠡᠳᠦᠯᠭᠡᠵᠢᠭᠦᠯᠬᠦ ᠠᠵᠢᠯᠯᠠᠭ᠎ᠠ ᠳᠤ ᠣᠷᠣᠯᠴᠠᠭᠤᠯᠤᠨ᠎ᠠ᠃ ᠳᠠᠳᠤᠯᠭ᠎ᠠ ᠬᠢᠬᠦ ᠬᠤᠭᠤᠴᠠᠭᠠᠨ ᠳᠤ ᠣᠨᠴᠠ | ᠰᠢᠯᠢᠳᠡᠭ ᠢᠯᠡᠷᠡᠯ ᠲᠠᠢ ᠪᠠᠶᠢᠪᠠᠯ᠂ ᠭᠤᠤᠯᠳᠠᠯᠭ᠎ᠠ ᠲᠠᠢ ᠣᠷᠣᠭᠤᠯᠤᠨ ᠠᠪᠴᠢᠷᠠᠬᠤ ᠡᠲᠡᠭᠡᠳ ᠪᠣᠯᠭᠠᠵᠤ᠂ ᠦᠷᠭᠦᠯᠵᠢᠯᠡᠨ ᠮᠥᠷᠳᠡᠨ ᠠᠩᠬᠠᠷᠴᠤ ᠪᠣᠯᠤᠨ᠎ᠠ᠃ | 4. ᠡᠷᠳᠡᠮ ᠰᠢᠨᠵᠢᠯᠡᠭᠡᠨ ᠢ ᠰᠤᠳᠤᠯᠤᠨ ᠶᠠᠷᠢᠯᠴᠠᠬᠤ ᠪᠠᠷ ᠨᠢᠭᠡ ᠪᠦᠯᠦᠭ ᠢ ᠰᠣᠯᠢᠯᠴᠠᠬᠤ᠃ ᠮᠠᠨ ᠤ ᠬᠤᠲᠠ ᠶᠢᠨ ᠳᠥᠷᠪᠡᠨ ᠶᠡᠭᠡ ᠳᠡᠭᠡᠳᠦ ᠰᠤᠷᠭᠠᠭᠤᠯᠢ | ᠬᠢᠭᠡᠳ ᠣᠷᠣᠨ ᠤ ᠳᠣᠲᠣᠷ᠎ᠠ ᠭᠠᠳᠠᠨᠠᠬᠢ ᠭᠤᠤᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢ ᠵᠣᠯᠭᠠᠭᠤᠯᠬᠤ ᠶᠢ ᠵᠣᠷᠢᠭᠵᠢᠭᠤᠯᠵᠤ᠂ ᠡᠷᠳᠡᠮ ᠰᠢᠨᠵᠢᠯᠡᠭᠡᠨ ᠤ | ᠰᠤᠳᠤᠯᠤᠨ ᠶᠠᠷᠢᠯᠴᠠᠬᠤ᠂ ᠨᠠᠷᠠᠲᠤ ᠪᠠᠭᠰᠢ ᠶᠢᠨ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠭᠠᠳᠠᠨᠠᠬᠢ ᠶᠡᠭᠡ ᠰᠤᠷᠭᠠᠭᠤᠯᠢ ᠶᠢᠨ | ᠰᠤᠷᠤᠭᠴᠢᠳ ᠢ ᠳᠠᠶᠢᠴᠢᠯᠠᠨ ᠤᠯᠠᠭᠠᠨᠬᠠᠳᠠ ᠳᠤ ᠢᠷᠡᠭᠦᠯᠦᠨ᠎ᠡ︔ ᠣᠷᠣᠨ ᠤ ᠳᠣᠲᠣᠷ᠎ᠠ ᠭᠠᠳᠠᠨᠠᠬᠢ ᠰᠤᠷᠭᠠᠭᠤᠯᠢ ᠳᠤ ᠪᠠᠶᠢᠭ᠎ᠠ ᠤᠶᠤᠲᠠᠳ ᠢ ᠵᠣᠬᠢᠶᠠᠨ ᠪᠠᠶᠢᠭᠤᠯᠵᠤ | ᠮᠠᠨ ᠤ ᠬᠤᠲᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠣᠨᠴᠠᠯᠢᠭᠲᠤ | ᠰᠣᠶᠣᠯ ᠤᠨ ᠦᠵᠡᠮᠵᠢ ᠶᠢᠨ ᠣᠷᠣᠨ ᠳᠤ ᠣᠴᠢᠭᠤᠯᠵᠤ ᠭᠤᠤᠯ ᠰᠡᠳᠦᠪᠲᠦ ᠰᠤᠳᠤᠯᠤᠨ ᠰᠤᠷᠤᠯᠴᠠᠭᠤᠯᠤᠨ᠎ᠠ ᠃ ᠤᠯᠠᠭᠠᠨᠬᠠᠳᠠ ᠨᠤᠲᠤᠭ ᠲᠠᠢ ᠠᠺᠠᠳᠧᠮᠢᠴᠢ ᠶᠢᠨ ᠡᠬᠢ | ᠪᠠᠶᠠᠯᠢᠭ ᠲᠤ ᠲᠦᠰᠢᠭᠯᠡᠨ᠂ ᠠᠺᠠᠳᠧᠮᠢᠴᠢ ᠶᠢᠨ ᠠᠵᠢᠯᠯᠠᠬᠤ ᠥᠷᠲᠡᠭᠡ᠂ ᠠᠬᠠᠯᠠᠭᠴᠢ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ | ᠵᠡᠷᠭᠡ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠠᠢ ᠴᠢᠳᠠᠪᠤᠷᠢᠲᠠᠨ ᠲᠠᠢ ᠬᠠᠮᠲᠤ ᠪᠠᠷ ᠪᠠᠶᠢᠭᠤᠯᠬᠤ ᠬᠠᠮᠲᠤᠷᠠᠯᠴᠠᠭ᠎ᠠ ᠥᠷᠨᠢᠭᠦᠯᠵᠦ᠂ ᠤᠶᠤᠲᠠᠳ ᠤᠨ | ᠤᠯᠠᠭᠠᠨᠬᠠᠳᠠ ᠳᠤ ᠢᠷᠡᠵᠦ ᠰᠠᠭᠤᠷᠢ ᠦᠢᠯᠡᠳᠦᠯᠭᠡ᠂ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠤ ᠰᠤᠳᠤᠯᠭᠠᠨ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠵᠡᠷᠭᠡ | ᠠᠵᠢᠯᠯᠠᠭ᠎ᠠ ᠦᠷᠨᠢᠭᠦᠯᠦᠨ᠎ᠡ ᠃ | 5 . ᠠᠵᠢᠯ ᠣᠯᠭᠤᠬᠤ ᠦᠢᠯᠡᠴᠢᠯᠡᠭᠡᠨ ᠵᠶ᠋ᠡᠷᠨᠢᠭᠡ ᠪᠦᠯᠦᠭ ᠢ ᠠᠬᠢᠭᠤᠯᠬᠤ ᠃ ᠡᠪᠦᠯ ᠵᠣᠨ ᠤ ᠠᠮᠠᠷᠠᠯᠲᠠ᠂ ᠲᠡᠭᠦᠰᠬᠦ ᠡᠮᠦᠨᠡᠬᠢ | ᠬᠤᠭᠤᠴᠠᠭᠠᠨ ᠤ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠲᠤᠰᠬᠠᠶ ᠰᠡᠳᠦᠪᠲᠦ ᠲᠤᠰᠬᠠᠶ ᠰᠡᠳᠦᠪᠲᠦ ᠠᠵᠢᠯᠲᠠᠨ ᠡᠯᠰᠡᠬᠦ ᠠᠵᠢᠯᠯᠠᠭ᠎ᠠ ᠶᠢ | ᠬᠤᠷᠠᠯᠳᠤᠭᠤᠯᠪᠠ ᠰᠠᠯᠠᠭ᠎ᠠ ᠮᠥᠴᠢᠷ ᠤᠨ ᠬᠠᠮᠲᠤᠷᠠᠯᠴᠠᠭ᠎ᠠ᠂ ᠠᠶᠢᠮᠠᠭ ᠬᠤᠲᠠ ᠶᠢᠨ ᠬᠠᠮᠲᠤᠷᠠᠯᠴᠠᠭ᠎ᠠ᠂ ᠭᠠᠵᠠᠷ ᠣᠷᠣᠨ ᠤ ᠬᠠᠮᠲᠤᠷᠠᠯᠴᠠᠭ᠎ᠠ ᠪᠠᠷ ᠳᠠᠮᠵᠢᠭᠤᠯᠤᠨ | ᠠᠵᠢᠯ ᠤᠨ ᠪᠠᠶᠢᠷᠢ ᠶᠢᠨ ᠬᠡᠪᠴᠢᠶ᠎ᠡ ᠪᠠᠨ ᠥᠷᠭᠡᠳᠬᠡᠵᠦ᠂ ᠠᠵᠢᠯᠲᠠᠨ ᠤ ᠶᠠᠪᠤᠳᠠᠯ ᠤᠨ ᠰᠢᠯᠭᠠᠯᠲᠠ ᠬᠢᠭᠡᠳ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠠᠵᠢᠯᠯᠠᠭ᠎ᠠ ᠶᠢᠨ ᠵᠣᠯᠭᠠᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠡᠷᠬᠢᠨ ᠲᠣᠭᠤᠷᠢᠨ ᠤ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠤᠯᠠᠭᠠᠨᠬᠠᠳᠠ ᠳᠤ ᠢᠷᠡᠭᠦᠯᠵᠦ ᠠᠵᠢᠯ ᠣᠯᠭᠤᠬᠤ ᠲᠣᠬᠢᠶᠠᠯ ᠢ ᠡᠷᠢᠯᠬᠢᠯᠡᠨ᠎ᠡ᠃ | 6. ᠰᠣᠶᠣᠯ ᠵᠢᠭᠤᠯᠴᠢᠯᠠᠯ ᠤᠨ ᠠᠵᠢᠯᠯᠠᠭ᠎ᠠ ᠪᠡᠷᠨᠢᠭᠡ ᠪᠦᠯᠦᠭ ᠢ ᠲᠠᠲᠠᠬᠤ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠳ | ᠤᠶᠤᠲᠠᠳ ᠤᠨ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠯᠡᠰᠦᠨ ᠴᠦᠯ᠂ ᠲᠠᠯ᠎ᠠ ᠨᠤᠲᠤᠭ᠂ ᠣᠶ ᠰᠢᠭᠤᠶ | ᠂ ᠮᠥᠰᠥ ᠴᠠᠰᠤ ᠵᠡᠷᠭᠡ ᠪᠠᠶᠢᠭᠠᠯᠢ ᠶᠢᠨ ᠥᠩᠭᠡ ᠦᠵᠡᠮᠵᠢ ᠪᠣᠯᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ ᠵᠡᠷᠭᠡ ᠬᠥᠮᠦᠨ ᠨᠡᠶᠢᠭᠡᠮ ᠤᠨ ᠵᠠᠩ | ᠦᠢᠯᠡ ᠶᠢ ᠠᠰᠢᠭᠯᠠᠨ᠂ ᠤᠶᠤᠲᠠᠳ ᠤᠨ ᠤᠯᠠᠭᠠᠨᠬᠠᠳᠠ ᠳᠤ ᠢᠷᠡᠵᠦ ᠵᠢᠭᠤᠯᠴᠢᠯᠠᠨ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠷᠠᠨ ᠰᠠᠶᠢᠬᠠᠨ ᠤ ᠲᠣᠭᠯᠠᠯᠲᠠ᠂ | ᠪᠦᠲᠦᠭᠡᠯ ᠤᠨ ᠦᠵᠡᠭᠦᠯᠦᠯᠭᠡ ᠳᠤ ᠣᠷᠣᠯᠴᠠᠬᠤ ᠪᠤᠶᠤ ᠲᠣᠭᠤᠷᠢᠨ ᠦᠵᠡᠵᠦ᠂ ᠠᠮᠲᠠᠲᠤ ᠢᠳᠡᠭᠡᠨ ᠤ ᠰᠣᠶᠣᠯ ᠢ ᠳᠡᠯᠭᠡᠷᠡᠭᠦᠯᠦᠨ᠂ ᠵᠢᠭᠤᠯᠴᠢᠯᠠᠯ ᠤᠨ | ᠥᠩᠭᠡᠷᠡᠯᠲᠡ ᠶᠢ ᠪᠠᠶᠠᠯᠢᠭᠵᠢᠭᠤᠯᠤᠨ᠎ᠠ᠃ | | |